11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ | ᠠᠬᠢᠭᠤᠯᠬᠤ ᠳᠦᠷᠢᠮ︾ ︵ᠳᠣᠷᠣᠭᠰᠢ ︽ᠳᠦᠷᠢᠮ︾ᠭᠡᠵᠦ ᠳᠥᠭᠦᠮᠴᠢᠯᠡᠨ᠎ᠡ︶ ᠳᠤ ᠵᠠᠰᠠᠪᠤᠷᠢ ᠣᠷᠣᠭᠤᠯᠤᠭᠰᠠᠨ ᠲᠤᠬᠠᠢ | ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠠᠢ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ︽ᠳᠦᠷᠢᠮ︾ ᠳᠤ ᠭᠤᠣᠯᠳᠠᠭᠤ ᠳᠣᠣᠷᠠᠬᠢ ᠮᠡᠲᠦ ᠶᠢᠨ ᠵᠠᠰᠠᠪᠤᠷᠢ | ᠣᠷᠣᠭᠤᠯᠵᠠᠢ᠄ ︽ᠳᠦᠷᠢᠮ︾ ᠤᠨ 42 ᠵᠦᠢᠯ ᠤᠨ 23 ᠵᠦᠢᠯ ᠳᠤᠨᠢ ᠵᠠᠰᠠᠪᠤᠷᠢ ᠣᠷᠣᠭᠤᠯᠵᠤ᠂ 1 ᠵᠦᠢᠯ ᠢ | ᠬᠠᠰᠤᠵᠤ᠂ 3 ᠵᠦᠢᠯ ᠢ ᠨᠡᠮᠡᠵᠦ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠨᠢ ᠨᠡᠶᠢᠲᠡ 44 ᠵᠦᠢᠯ | ᠪᠣᠯᠵᠠᠢ᠃ ︽ᠳᠦᠷᠢᠮ︾ ᠨᠢ᠂ ᠠᠵᠤ ᠠᠬᠤᠢ ᠶᠢ ᠬᠥᠭᠵᠢᠭᠦᠯᠵᠦ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠵᠤ᠂ | ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠬᠤᠯᠪᠣᠭᠳᠠᠯ ᠪᠦᠬᠦᠢ ᠠᠭᠤᠯᠭ᠎ᠠ ᠶᠢ ᠲᠡᠭᠦᠯᠳᠡᠷᠵᠢᠭᠦᠯᠪᠡ᠃ | ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠬᠢᠭᠡᠳ ᠡᠯ᠎ᠡ ᠠᠵᠤ ᠦᠢᠯᠡᠰ ᠤᠨ ᠭᠦᠨᠵᠡᠭᠡᠢ | ᠠᠭᠤᠰᠤᠯᠴᠠᠯ ᠠᠴᠠ ᠪᠤᠶ ᠪᠣᠯᠤᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠰᠢᠨ᠎ᠡ | ᠵᠠᠭᠪᠤᠷ ᠢ ᠳᠡᠮᠵᠢᠵᠦ᠂ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ | ᠬᠡᠪᠴᠢᠶᠡᠨ ᠳᠤ ᠣᠷᠣᠭᠤᠯᠵᠤ᠂ ᠣᠯᠠᠨ ᠠᠷᠭ᠎ᠠ ᠵᠠᠮ᠂ ᠣᠯᠠᠨ ᠠᠷᠭ᠎ᠠ ᠭᠡᠯᠪᠡᠷᠢ ᠪᠠᠷ ᠠᠵᠢᠯ ᠤᠨ ᠪᠠᠶᠢᠷᠢ ᠶᠢ | ᠨᠡᠮᠡᠭᠳᠡᠭᠦᠯᠤᠨ᠎ᠠ᠃ ︽ᠳᠦᠷᠢᠮ︾ ᠳᠤ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠳᠤ | ᠲᠣᠬᠢᠷᠠᠭᠤᠯᠤᠯᠲᠠ ᠬᠢᠵᠦ᠂ ᠨᠢᠭᠡ ᠯᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ᠂ ᠠᠵᠢᠯ ᠡᠷᠢᠵᠦ | ᠦᠢᠯᠡᠰ ᠪᠣᠰᠬᠠᠬᠤ ᠨᠥᠬᠦᠪᠦᠷᠢ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠨᠥᠬᠦᠪᠦᠷᠢ᠂ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠨᠥᠬᠦᠪᠦᠷᠢ ᠵᠡᠷᠭᠡ ᠶᠢ ᠨᠡᠮᠡᠵᠦ᠂ ᠦᠢᠯᠡᠰ ᠪᠣᠰᠬᠠᠬᠤ ᠶᠢ ᠲᠡᠳᠬᠦᠬᠦ ᠶᠢ | ᠳᠣᠪᠤᠶᠢᠯᠭᠠᠵᠠᠢ᠃ ᠡᠭᠦᠨ ᠤ ᠵᠡᠷᠭᠡ ᠳᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠠᠳᠠᠯᠢ ᠨᠢᠭᠡ | ᠵᠦᠢᠯᠡᠰ ᠲᠤ ᠠᠵᠢᠯ ᠣᠯᠭᠤᠯᠲᠠ ᠶᠢᠨ ᠨᠥᠬᠦᠪᠦᠷᠢ᠂ ᠪᠡᠯᠡ ᠮᠥᠩᠭᠦ ᠶᠢᠨ ᠨᠥᠬᠦᠪᠦᠷᠢ ᠪᠠ ᠠᠵᠢᠯ ᠠᠯᠳᠠᠯᠲᠠ ᠶᠢᠨ | ᠳᠠᠭᠠᠳᠬᠠᠯ ᠤᠨ ᠬᠠᠷᠠᠭᠠᠯᠵᠠᠯ ᠢ ᠳᠠᠪᠬᠤᠷ ᠬᠦᠷᠲᠡᠵᠦ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ ︽ᠳᠦᠷᠢᠮ︾ | ᠳᠤ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠵᠦᠢᠯᠡᠰ ᠢ ᠪᠦᠭᠦᠨ ᠢ ᠬᠢᠷᠢ ᠭᠡᠮ ᠲᠠᠢ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ | ᠪᠠᠶᠢᠭᠤᠯᠤᠮᠵᠢ ᠳᠤ ᠴᠢᠯᠦᠭᠡᠲᠡᠢ ᠨᠡᠭᠡᠭᠡᠨ᠎ᠡ ᠭᠡᠵᠦ ᠲᠣᠳᠣᠷᠬᠠᠢ ᠲᠣᠬᠲᠠᠭᠠᠵᠠᠢ᠃ ᠬᠠᠤᠯᠢ ᠪᠠᠷ ᠲᠣᠭᠲᠠᠭᠠᠭᠰᠠᠨ | ᠬᠥᠳᠡᠯᠮᠦᠷᠢᠯᠡᠬᠦ ᠨᠠᠰᠤᠨ ᠤ ᠳᠣᠲᠣᠷᠠᠬᠢ ᠠᠮᠢᠳᠤᠯᠢᠭ ᠢᠶᠠᠷ ᠠᠵᠢᠯ ᠣᠯᠣᠭᠰᠠᠳ ᠬᠤᠪᠢ ᠬᠥᠮᠥᠨ ᠤ ᠬᠢᠷᠢ | ᠭᠡᠮ ᠢᠶᠠᠷ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠪᠠᠷ ᠭᠤᠶᠤᠴᠢᠯᠠᠵᠤ | ᠪᠤᠯᠤᠨ᠎ᠠ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ | ᠣᠯᠣᠭᠰᠠᠳ ᠤᠨ ᠠᠵᠢᠯ ᠤᠨ ᠭᠡᠮᠲᠦᠯ ᠤᠨ ᠪᠠᠲᠤᠯᠠᠭ᠎ᠠ ᠳᠤ ᠣᠷᠤᠯᠴᠠᠬᠤ ᠶᠢ ᠲᠡᠮᠵᠢᠵᠦ᠂ ᠲᠠᠪᠴᠠᠩ ᠤᠨ ᠠᠵᠤ | ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ ᠣᠯᠣᠭᠰᠠᠳ ᠲᠤ ᠰᠠᠨᠠᠭᠠᠨ ᠳᠤ ᠦᠭᠡᠢ | ᠭᠡᠮᠲᠦᠯ ᠤᠨ ᠳᠠᠭᠠᠳᠬᠠᠯ᠂ ᠬᠥᠯᠥᠰᠦᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠬᠤᠳᠠᠯᠳᠤᠭᠠᠨ ᠤ | ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠪᠠ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠢ 2023 ᠣᠨ ᠤ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |