ᠮᠠᠨ ᠤ ᠣᠷᠣᠨ ᠤ ᠰᠦ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 2000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ
ᠨᠡᠶᠢᠲᠡᠯᠡᠭᠰᠡᠨ ᠴᠠᠭ᠄
2023/11/21
     ︽ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠦᠭᠰᠡᠨ  ᠠᠴᠠ ᠰᠦ ᠶᠢᠨ ᠦᠢᠯᠡᠰ ᠬᠥᠭᠵᠢᠯᠲᠡ  ᠲᠦᠷᠭᠡᠨ ᠵᠠᠮ ᠳᠤ ᠣᠷᠣᠵᠤ᠂ ᠰᠦ ᠶᠢᠨ ᠠᠵᠤ ᠦᠢᠯᠡᠰ ᠤᠨ ᠵᠢᠯ ᠤᠨ ᠦᠢᠯᠡᠳᠬᠦᠨ ᠤ ᠥᠷᠲᠡᠭ 2000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ︾ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠲᠠᠨᠢᠯᠴᠠᠭᠤᠯᠪᠠ᠃      ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠬᠤᠷᠠᠯ ᠲᠦᠷᠦᠭᠦᠬᠡᠨ ᠭᠦᠭᠡᠬᠤᠳᠠ ᠳᠤ ᠶᠠᠪᠤᠭᠳᠠᠵᠤ᠂ ᠪᠦᠭᠦ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠮᠵᠢ ᠶᠢ ᠲᠠᠨᠢᠯᠴᠠᠭᠤᠯᠵᠤ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠲᠤ ᠲᠠᠶᠢᠯᠤᠮᠵᠢ ᠬᠢᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃      ᠲᠥᠷᠥ ᠶᠢᠨ ᠪᠣᠳᠣᠯᠭ᠎ᠠ ᠶᠢᠨ ᠴᠢᠩᠭ᠎ᠠ ᠬᠦᠴᠦᠲᠡᠢ ᠳᠡᠮᠵᠢᠯᠭᠡ ᠳᠣᠣᠷ᠎ᠠ᠂ ᠮᠠᠨ ᠤ ᠣᠷᠣᠨ ᠨᠢᠭᠡᠨᠲᠡ ᠪᠦᠭᠦ ᠤᠯᠤᠰ ᠲᠤ  ᠲᠦᠭᠦᠬᠡᠢ ᠰᠦ ᠶᠢᠨ ᠭᠠᠷᠤᠯᠲᠠ 700 ᠲᠦᠮᠡᠨ ᠲᠤᠨ ᠢ ᠳᠠᠪᠠᠭᠰᠠᠨ ᠠᠩᠬᠠᠳᠠᠭᠴᠢ ᠮᠤᠵᠢ ᠣᠷᠣᠨ ᠪᠣᠯᠪᠠ᠃ ᠨᠢᠳᠤᠨᠤᠨ ᠪᠦᠭᠦ ᠣᠷᠣᠨ ᠤ ᠰᠠᠭᠠᠯᠢ ᠶᠢᠨ ᠦᠨᠢᠶ᠎ᠡ   ᠶᠢᠨ ᠲᠤᠭ᠎ᠠ 159 ᠲᠦᠮᠡ ᠶᠢ ᠳᠠᠪᠠᠵᠤ᠂ ᠦᠨᠢᠶᠡᠨ ᠰᠦ ᠶᠢᠨ ᠭᠠᠷᠤᠯᠲᠠ 733.8 ᠲᠦᠮᠡᠨ ᠲᠤᠨ ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠴᠠᠭᠠᠨ ᠢᠳᠡᠭᠡᠨ ᠤ ᠭᠠᠷᠤᠯᠲᠠ 415.2 ᠲᠦᠮᠡᠨ ᠲᠤᠨ ᠳᠤ ᠬᠦᠷᠴᠦ᠂ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 2225 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠤᠯᠤᠰ ᠤᠨ ᠰᠦ  ᠶᠢᠨ ᠦᠢᠯᠡᠰ ᠤᠨ ᠦᠢᠯᠡᠳᠬᠦᠨ ᠤ ᠥᠷᠲᠡᠭ ᠤᠨ 35.3% ᠶᠢ ᠡᠵᠡᠯᠡᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠰᠠᠭᠠᠯᠢ ᠶᠢᠨ ᠦᠨᠢᠶ᠎ᠡ ᠶᠢᠨ ᠲᠤᠭ᠎ᠠ 168.7 ᠲᠦᠮᠡ ᠳᠤ ᠬᠦᠷᠴᠦ᠂ ᠦᠨᠢᠶᠡᠨ ᠰᠦ ᠶᠢᠨ ᠭᠠᠷᠤᠯᠲᠠ 461.3 ᠲᠦᠮᠡᠨ ᠲᠤᠨ᠂ ᠴᠠᠭᠠᠨ ᠢᠳᠡᠭᠡᠨ ᠤ ᠭᠠᠷᠤᠯᠲᠠ 349.8 ᠲᠦᠮᠡᠨ ᠲᠤᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 4.1%᠂ 6.8% ᠪᠠ 13.3%  ᠪᠠᠷ ᠨᠡᠮᠡᠭᠳᠡᠨ᠂ ᠪᠦᠭᠦ ᠤᠯᠤᠰ ᠲᠤ ᠦᠷᠭᠦᠯᠵᠢᠯᠡᠨ ᠲᠦᠷᠦᠭᠦᠯᠡᠪᠡ᠃      ᠪᠦᠭᠦ ᠣᠷᠣᠨ ᠳᠤ ᠣᠳᠣ 100 ᠠᠴᠠ ᠳᠡᠭᠡᠭᠰᠢᠬᠢ ᠾᠧᠰᠲ᠋ᠠᠨ ᠰᠠᠭᠠᠯᠢ ᠶᠢᠨ ᠦᠨᠢᠶ᠎ᠡ ᠲᠠᠢ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ 567 ᠪᠠᠶᠢᠵᠤ᠂ ᠾᠧᠰᠲ᠋ᠠᠨ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠬᠦ ᠨᠣᠷᠮ᠎ᠠ  92% ᠲᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 20 ᠬᠤᠪᠢ ᠳᠠᠪᠠᠪᠠ᠃ ᠪᠦᠭᠦ ᠣᠷᠣᠨ ᠤ ᠲᠡᠵᠢᠭᠡᠯ ᠡᠪᠡᠰᠦ ᠪᠣᠷᠳᠤᠭ᠎ᠠ ᠲᠠᠷᠢᠬᠤ ᠶᠡᠷᠦᠩᠬᠡᠢ ᠲᠠᠯᠠᠪᠠᠢ 1967.7 ᠲᠦᠮᠡᠨ ᠮᠦ ᠳᠤ ᠬᠦᠷᠴᠦ᠂ ᠡᠨᠡ ᠵᠢᠯ ᠰᠢᠨ᠎ᠡ ᠪᠠᠷ ᠪᠦᠲᠦᠭᠡᠨ ᠪᠠᠶᠢᠭᠤᠯᠤᠭᠰᠠᠨ ᠴᠢᠨᠠᠷ ᠰᠠᠶᠢᠲᠠᠢ ᠴᠠᠷᠭᠠᠰᠤ ᠶᠢᠨ ᠰᠠᠭᠤᠷᠢᠨ 74.2 ᠲᠦᠮᠡᠨ ᠮᠦ ᠪᠠᠶᠢᠵᠤ᠂ ᠮᠠᠨ ᠤ ᠣᠷᠣᠨ ᠤ ᠨᠢᠭᠡᠳᠦᠭᠡᠷ ᠳᠡᠰ  ᠤᠨ ᠴᠢᠨᠠᠷ ᠰᠠᠶᠢᠲᠠᠢ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ 80% ᠳᠤ ᠬᠦᠷᠴᠦ᠂ ᠨᠢᠳᠤᠨᠤᠨ ᠤ ᠬᠢ  ᠠᠴᠠ ᠵᠠᠭᠤᠨ ᠤ ᠬᠠᠷᠢᠴᠠᠯ ᠢᠶᠠᠷ 5 ᠬᠤᠪᠢ ᠳᠡᠭᠡᠭᠰᠢᠯᠡᠭᠰᠡᠨ ᠪᠠᠶᠢᠨ᠎ᠠ᠃ ᠪᠦᠭᠦ ᠣᠷᠣᠨ ᠳᠤ ᠣᠳᠣ ᠵᠢᠯ ᠤᠨ ᠪᠣᠷᠤᠯᠠᠭᠤᠯᠭ᠎ᠠ ᠨᠢ 500 ᠲᠦᠮᠡᠨ ᠲᠥᠭᠦᠷᠢᠭ ᠢ ᠳᠠᠪᠠᠭᠰᠠᠨ ᠴᠠᠭᠠᠨ ᠢᠳᠡᠭᠡᠨ ᠤ ᠠᠵᠤ ᠠᠬᠤᠶᠢᠯᠠᠯ 83 ᠪᠠᠶᠢᠵᠤ᠂ 1230 ᠲᠦᠮᠡᠨ ᠲᠤᠨ ᠤ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠲᠠᠢ ᠪᠣᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号