ᠰᠤᠷᠤᠭᠴᠢᠳ ᠲᠤ ᠵᠣᠷᠢᠭᠤᠯᠤᠭᠰᠠᠨ ᠡᠶᠢᠮᠦ ᠮᠡᠬᠡᠯᠡᠯ ᠶᠠᠪᠤᠵᠤ ᠪᠠᠶᠢᠨ᠎ᠠ
ᠨᠡᠶᠢᠲᠡᠯᠡᠭᠰᠡᠨ ᠴᠠᠭ᠄
2023/11/21
     ᠣᠶᠢᠷ᠎ᠠ ᠳᠤ᠂ ᠭᠠᠷ ᠴᠠᠭ ᠰᠣᠯᠢᠵᠦ ᠪᠤᠯᠬᠤ ᠬᠡᠰᠡᠨ ᠵᠠᠷ ᠲᠠᠢ ᠨᠠᠷᠢᠯᠢᠭ ᠬᠢᠴᠠ ᠲᠠᠢ ᠨᠢᠬᠡ ᠵᠤᠶᠢᠯ ᠤᠨ ᠺᠠᠷᠲ ᠣᠯᠠᠨ ᠭᠠᠵᠠᠷ ᠲᠤ ᠢᠯᠡᠷᠡᠵᠦ᠂ ᠪᠠᠭ᠎ᠠ ᠰᠤᠷᠭᠠᠭᠤᠯᠢ ᠶᠢᠨ ᠰᠣᠷᠣᠬᠴᠢᠳ ᠢ ᠮᠡᠬᠡᠯᠡᠵᠦ ᠪᠠᠶᠢᠭ᠎ᠠ ᠶᠠᠪᠤᠳᠠᠯ ᠭᠠᠷᠣᠯ᠎ᠠ᠃      ᠡᠶᠢᠮᠦᠷᠬᠦ ᠺᠠᠷᠲ ᠤᠨ ᠠᠷᠤ ᠲᠠᠯ᠎ᠠ ᠳᠤ ᠨᠢ ᠬᠡᠷᠡᠭᠯᠡᠬᠦ ᠠᠷᠭ᠎ᠠ᠂ ᠬᠦᠴᠦᠨ ᠲᠠᠢ ᠬᠤᠭᠤᠴᠠᠭ᠎ᠠ ᠠᠴᠠ ᠭᠠᠳᠠᠨ᠎ᠠ ᠪᠠᠰᠠ ︽ᠳᠤᠮᠳᠠᠳᠤ ᠤᠯᠤᠰ ᠤᠨ ᠨᠡᠭᠦᠳᠡᠯ ᠴᠢᠮᠡᠭᠡ ᠬᠤᠯᠪᠣᠭᠠᠨ ᠤ ᠬᠡᠦᠬᠡᠳ ᠤᠨ ᠭᠠᠷ ᠴᠠᠭ ᠤᠨ ᠲᠤᠰᠬᠠᠢ ᠤᠳᠠᠰᠣᠨ ᠤ ᠺᠠᠷᠲ︾ ᠬᠡᠰᠡᠨ ᠳᠠᠶᠢᠯᠪᠤᠷᠢ ᠬᠠᠳᠠᠭᠰᠠᠨ ᠪᠠᠶᠢᠳᠠᠭ᠃ ᠬᠠᠮᠤᠭ ᠤᠨ ᠵᠠᠩᠭᠢᠯᠠᠭ᠎ᠠ ᠨᠢ ᠳᠡᠭᠡᠷ᠎ᠡ ᠨᠢ ᠪᠠᠰᠠ ᠸᠢᠴᠠᠲ ᠤᠨ ᠺᠣᠳ᠋ ᠰᠢᠷᠪᠢᠵᠦ ᠬᠠᠮᠢᠶᠠᠲᠠᠢ ᠮᠡᠳᠡᠭᠡ ᠵᠠᠩᠭᠢ ᠪᠠᠨ ᠪᠦᠷᠢᠳᠬᠡᠭᠦᠯᠬᠦ ᠬᠡᠷᠡᠭᠲᠡᠢ ᠭᠡᠵᠦ ᠪᠢᠴᠢᠵᠦ ᠪᠠᠶᠢᠨ᠎ᠠ᠃ ᠬᠡᠷᠪᠡ ᠲᠠ ᠺᠣᠳ᠋ ᠢ ᠨᠢ ᠰᠢᠷᠪᠢᠵᠦ ᠬᠠᠮᠢᠶᠠᠲᠠᠢ ᠮᠡᠳᠡᠭᠡ ᠵᠠᠩᠭᠢ ᠪᠠᠨ ᠪᠦᠷᠢᠳᠬᠡᠭᠦᠯᠪᠡᠯ ᠠᠯᠬᠤᠮ ᠠᠯᠬᠤᠮ ᠢᠶᠠᠷ ᠤᠷᠠᠬᠠᠨ ᠳᠤ ᠣᠷᠣᠬᠤ ᠪᠣᠯᠣᠨ᠎ᠠ᠃      ᠳᠤᠮᠳᠠᠳᠤ ᠤᠯᠤᠰ ᠤᠨ ᠨᠡᠭᠦᠳᠡᠯ ᠴᠢᠮᠡᠭᠡ ᠬᠤᠯᠪᠣᠭᠠᠨ ᠤ ᠺᠣᠮᠫᠠᠨᠢ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠡᠶᠢᠮᠦ ᠠᠵᠢᠯᠯᠠᠭ᠎ᠠ ᠥᠷᠨᠢᠭᠦᠯᠦᠭᠰᠡᠨ ᠦᠭᠡᠢ ᠬᠡᠳᠡᠭ ᠢᠶᠠᠨ ᠴᠠᠬᠳᠠᠭᠠᠨ ᠤ ᠳᠠᠯ᠎ᠠ ᠳᠤ ᠮᠡᠳᠡᠭᠳᠡᠭᠰᠡᠨ ᠪᠤᠯᠬᠤᠷ ᠡᠨᠡ ᠨᠢ ᠨᠢᠬᠡ ᠵᠤᠶᠢᠯ ᠤᠨ ᠰᠢᠨ᠎ᠡ ᠮᠡᠬᠡᠯᠡᠯ ᠪᠤᠯᠬᠤ ᠨᠢ ᠳᠣᠳᠣᠯᠠᠬᠳᠠᠯ᠎ᠠ᠃ ᠳᠣᠮᠣᠴᠤᠳ ᠪᠤᠯᠤᠳ ᠰᠣᠷᠣᠬᠴᠢᠳ ᠣᠨᠴᠠᠭᠠᠶᠢᠯᠠᠨ ᠠᠩᠬᠠᠷᠬᠤ ᠭᠡᠷᠡᠭᠳᠡᠢ ᠶᠤᠮ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号