ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠷᠭᠦᠯᠵᠢᠯᠡᠭᠰᠡᠨ ᠡᠷᠡᠭᠦᠯ ᠬᠥᠭᠵᠢᠯᠲᠡ ᠶᠢ | ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ ᠶᠢ ᠳᠦᠷᠢᠮᠵᠢᠭᠦᠯᠬᠦ ᠶᠢᠨ ᠲᠥᠯᠥᠭᠡ᠂ | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ | ᠲᠤᠰ ᠠᠷᠭ᠎ᠠ ᠨᠢ 9 ᠪᠦᠯᠦᠭ 34 ᠵᠦᠢᠯ ᠤᠨ ᠠᠭᠤᠯᠭ᠎ᠠ ᠲᠠᠢ ᠪᠠᠶᠢᠵᠤ᠂ ᠶᠡᠷᠦᠩᠬᠡᠢ ᠳᠦᠷᠢᠮ᠂ ᠬᠦᠷᠢᠶᠡᠯᠡᠩ | ᠲᠣᠭᠤᠷᠢᠭ ᠪᠠᠶᠢᠭᠤᠯᠬᠤ ᠪᠠ ᠲᠦᠷᠦᠯ ᠬᠤᠪᠢᠶᠠᠬᠤ᠂ ᠬᠦᠷᠢᠶᠡᠯᠡᠩ ᠲᠣᠭᠤᠷᠢᠭ ᠲᠠᠭᠠᠨ ᠲᠣᠬᠢᠷᠠᠭᠤᠯᠤᠯᠲᠠ ᠬᠢᠬᠦ ᠪᠠ | ᠥᠷᠭᠡᠳᠬᠡᠬᠦ᠂ ᠲᠥᠯᠥᠪᠵᠢᠭᠦᠯᠵᠦ ᠪᠦᠲᠦᠭᠡᠨ ᠪᠠᠶᠢᠭᠤᠯᠬᠤ᠂ ᠠᠵᠤ ᠦᠢᠯᠡᠰ ᠢ ᠬᠥᠭᠵᠢᠭᠦᠯᠬᠦ᠂ ᠬᠢᠨᠠᠨ ᠰᠢᠯᠭᠠᠵᠤ | ᠦᠨᠡᠯᠡᠬᠦ᠂ ᠦᠢᠯᠡᠴᠢᠯᠡᠭᠡᠨ ᠤ ᠪᠠᠲᠤᠯᠠᠭ᠎ᠠ᠂ ᠳᠠᠭᠠᠯᠲᠠ ᠳᠦᠷᠢᠮ ᠵᠡᠷᠭᠡ ᠲᠠᠯ᠎ᠠ ᠠᠴᠠ ᠪᠦᠭᠦ ᠣᠷᠣᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ ᠶᠢ ᠳᠦᠷᠢᠮᠵᠢᠭᠦᠯᠪᠡ᠃ ᠲᠤᠰ | ᠠᠷᠭ᠎ᠠ ᠳᠤ᠂ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠨᠴᠠᠭᠠᠢ | ᠪᠠᠶᠢᠷᠢᠰᠢᠭᠤᠯᠤᠯᠲᠠ ᠬᠢᠭᠰᠡᠨ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ︵ᠬᠤᠳᠠ᠂ ᠲᠣᠭᠤᠷᠢᠭ︶ | ᠪᠦᠷᠢ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 1 ᠠᠴᠠ ᠢᠯᠡᠭᠦᠦ ᠪᠠᠶᠢᠭᠤᠯᠵᠤ ᠪᠤᠯᠬᠤ ᠦᠭᠡᠢ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠦ ᠳᠤᠮᠳᠠᠴᠢ ᠶᠢᠨ ᠦᠢᠯᠡᠳᠬᠦᠨ ᠤ ᠦᠷᠳᠡᠭ᠂ ᠮᠦ ᠳᠤᠮᠳᠠᠴᠢ | ᠶᠢᠨ ᠪᠡᠯᠡ ᠤᠷᠤᠭᠤᠯᠤᠯᠳᠠ᠂ ᠰᠠᠭᠤᠷᠢᠰᠢᠭᠰᠠᠨ ᠠᠵᠤ ᠠᠬᠤᠶᠢᠯᠠᠯ ᠤᠨ ᠲᠤᠭ᠎ᠠ᠂ ᠵᠢᠯ ᠤᠨ ᠲᠤᠰᠢᠶᠠᠬᠤ ᠭᠠᠶᠢᠯᠢ᠂ | ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠵᠡᠷᠭᠡ ᠶᠢ ᠨᠢ ᠦᠨᠳᠦᠰᠦᠯᠡᠨ ᠭᠤᠷᠪᠠᠨ ᠲᠦᠷᠦᠯ ᠳᠤ | ᠬᠤᠪᠢᠶᠠᠨ᠎ᠠ᠃ ᠡᠭᠦᠨ ᠳᠤ᠂ ᠵᠢᠯ ᠤᠨ ᠦᠢᠯᠡᠳᠬᠦᠨ ᠤ ᠦᠷᠳᠡᠭ ᠨᠢ 240 ᠳ᠋ᠦᠩᠰᠢᠭᠤᠷ ᠲᠥᠭᠦᠷᠢᠭ ᠢ ᠳᠠᠪᠠᠭ᠋ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠢᠭᠡᠳᠦᠭᠡᠷ ᠲᠦᠷᠦᠯ ᠤᠨ ᠬᠦᠷᠢᠶᠡᠯᠡᠩ ᠲᠣᠭᠤᠷᠢᠭ ᠲᠤ | ᠣᠷᠣᠭᠤᠯᠵᠤ᠂ ᠵᠢᠯ ᠤᠨ ᠦᠢᠯᠡᠳᠬᠦᠨ ᠤ ᠦᠷᠳᠡᠭ ᠨᠢ 80 - 240 ᠳ᠋ᠦᠩᠰᠢᠭᠤᠷ ᠲᠥᠭᠦᠷᠢᠭ ᠤᠨ | ᠬᠤᠭᠤᠷᠤᠨᠳᠤᠭᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠤᠶᠠᠳᠤᠭᠠᠷ ᠲᠦᠷᠦᠯ ᠤᠨ ᠬᠦᠷᠢᠶᠡᠯᠡᠩ | ᠲᠣᠭᠤᠷᠢᠭ ᠲᠤ ᠣᠷᠣᠭᠤᠯᠵᠤ᠂ ᠵᠢᠯ ᠤᠨ ᠦᠢᠯᠡᠳᠬᠦᠨ ᠤ ᠦᠷᠳᠡᠭ ᠨᠢ 80 ᠳ᠋ᠦᠩᠰᠢᠭᠤᠷ ᠲᠥᠭᠦᠷᠢᠭ ᠠᠴᠠ | ᠳᠣᠭᠤᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠤᠷᠪᠠᠳᠤᠭᠠᠷ ᠲᠦᠷᠦᠯ ᠤᠨ ᠬᠦᠷᠢᠶᠡᠯᠡᠩ | ᠲᠣᠭᠤᠷᠢᠭ ᠲᠤ ᠣᠷᠣᠭᠤᠯᠤᠨ᠎ᠠ᠃ ᠦᠢᠯᠡᠳᠬᠦᠨ ᠤ ᠦᠷᠳᠡᠭ ᠨᠢ ᠬᠠᠷᠢᠴᠠᠩᠭᠤᠢ ᠳᠣᠣᠷ᠎ᠠ᠂ ᠬᠡᠪᠴᠢᠶ᠎ᠡ ᠨᠢ | ᠬᠠᠷᠢᠴᠠᠩᠭᠤᠢ ᠪᠠᠭ᠎ᠠ ᠭᠤᠷᠪᠠᠳᠤᠭᠠᠷ ᠲᠦᠷᠦᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠬᠠᠮᠢᠶᠠᠷᠤᠯᠲᠠ ᠶᠢᠨ ᠵᠥᠪᠯᠡᠯ ᠪᠠᠶᠢᠭᠤᠯᠬᠤ ᠦᠭᠡᠢ᠂ ᠬᠦᠷᠢᠶᠡᠯᠡᠩ ᠲᠣᠭᠤᠷᠢᠭ ᠲᠠᠭᠠᠨ ᠲᠣᠬᠢᠷᠠᠭᠤᠯᠤᠯᠲᠠ ᠬᠢᠬᠦ ᠪᠠ | ᠥᠷᠭᠡᠳᠬᠡᠬᠦ᠂ ᠠᠵᠤ ᠦᠢᠯᠡᠰ ᠢ ᠬᠥᠭᠵᠢᠭᠦᠯᠬᠦ᠂ ᠬᠢᠨᠠᠨ ᠰᠢᠯᠭᠠᠵᠤ ᠦᠨᠡᠯᠡᠬᠦ᠂ ᠰᠠᠭᠤᠷᠢ ᠲᠥᠬᠦᠭᠡᠷᠦᠮᠵᠢ ᠶᠢᠨ | ᠨᠥᠬᠦᠪᠦᠷᠢ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢ ᠬᠦᠷᠲᠡᠭᠡᠨ᠎ᠡ ᠭᠡᠬᠦ ᠵᠡᠷᠭᠡ ᠪᠠᠷ ᠲᠣᠭᠲᠠᠭᠠᠭᠰᠠᠨ ᠪᠠᠶᠢᠨ᠎ᠠ᠃ | | |