ᠬᠤᠶᠠᠳᠠᠭᠢ ᠪᠦᠯᠦᠭ ᠤᠨ ᠭᠤᠣᠯ ᠰᠡᠳᠦᠪᠲᠦ ᠬᠥᠮᠥᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ | ᠭᠠᠵᠠᠷ ᠤᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠤᠭᠤᠯᠤᠨ᠂ ᠭᠤᠣᠯ ᠰᠡᠳᠦᠪᠲᠦ ᠬᠥᠮᠥᠵᠢᠯ ᠢ ᠪᠠᠲᠤᠲᠠᠢ ᠠᠬᠢᠭᠤᠯᠤᠨ ᠥᠷᠨᠢᠭᠦᠯᠵᠦ | ᠪᠠᠶᠢᠨ᠎ᠠ᠃ ᠬᠤᠶᠠᠳᠠᠭᠢ ᠪᠦᠯᠦᠭ ᠤᠨ ᠭᠤᠣᠯ ᠰᠡᠳᠦᠪᠲᠦ ᠬᠥᠮᠥᠵᠢᠯ ᠳᠤᠮᠳᠠ᠂ ᠵᠧᠵᠢᠶᠠᠩ ᠮᠤᠵᠢ ᠶᠢᠨ ᠬᠢᠨ ︽ | ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ | ᠰᠢᠨ᠎ᠡ ᠵᠢᠳᠬᠦᠯ ᠭᠠᠷᠭᠠᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠤᠣᠯ ᠰᠡᠳᠦᠪᠲᠦ ᠬᠥᠮᠥᠵᠢᠯ | ᠥᠷᠨᠢᠭᠦᠯᠬᠦ ᠶᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠵᠦ ᠪᠠᠶᠢᠨ᠎ᠠ᠃ | | ᠵᠧᠵᠢᠶᠠᠩ ᠮᠤᠵᠢ ᠶᠢᠨ ᠬᠠᠩᠵᠧᠦ ᠬᠤᠲᠠ᠂ ᠬᠠᠢ ᠨᠢᠩ ᠬᠤᠲᠠ ᠶᠢᠨ ᠬᠢᠨ ︽ᠬᠠᠩᠵᠧᠦ ᠬᠠᠢ ᠨᠢᠩ ᠢ ᠨᠢᠭᠡ | ᠴᠣᠭᠴᠠᠵᠢᠭᠤᠯᠬᠤ︾ ᠴᠢᠬᠤᠯᠠ ᠵᠠᠮ ᠬᠠᠷᠢᠯᠴᠠᠭᠠᠨ ᠤ ᠲᠥᠷᠥᠯ ᠵᠦᠢᠯ ᠤᠨ ᠪᠡᠷᠬᠡ ᠠᠰᠠᠭᠤᠳᠠᠯ ᠢ ᠰᠢᠢᠳᠪᠦᠷᠢᠯᠡᠬᠦ | ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠬᠤᠶᠠᠷ ᠭᠠᠵᠠᠷ ᠤᠨ ᠵᠠᠮ ᠬᠠᠷᠢᠯᠴᠠᠭ᠎ᠠ ᠶᠢ ᠬᠠᠷᠢᠯᠴᠠᠨ ᠬᠤᠯᠪᠣᠵᠤ | ᠨᠡᠪᠲᠡᠷᠡᠭᠦᠯᠬᠦ ᠪᠠᠷ ᠭᠤᠣᠯᠯᠠᠭᠤᠯᠤᠨ ᠲᠣᠭᠲᠠᠭᠰᠠᠨ ᠬᠤᠭᠤᠴᠠᠭᠠᠨ ᠳᠤ ᠵᠥᠪᠳᠡᠯᠴᠡᠬᠦ ᠲᠣᠭᠲᠠᠴᠠ ᠶᠢ ᠲᠣᠭᠲᠠᠭᠠᠵᠤ᠂ | ᠲᠥᠷᠥᠯ ᠵᠦᠢᠯ ᠲᠠᠢ ᠬᠤᠯᠪᠣᠭᠳᠠᠭᠰᠠᠨ 31 ᠪᠠᠶᠢᠭᠤᠯᠭ᠎ᠠ ᠨᠢᠭᠡᠴᠡ ᠲᠠᠢ ᠭᠠᠷᠠᠭ ᠪᠣᠯᠭᠠᠨ ᠨᠢᠭᠡ ᠤᠳᠠᠭ᠎ᠠ | ᠬᠠᠮᠲᠤ ᠪᠠᠷ ᠵᠥᠪᠳᠡᠯᠴᠡᠵᠦ᠂ ᠬᠦᠴᠢᠷ ᠲᠦᠪᠡᠭᠲᠡᠢ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠭᠰᠡᠨ ᠪᠠᠶᠢᠨ᠎ᠠ᠃ | | ᠱᠠᠨᠳᠦ᠋ᠩ ᠮᠤᠵᠢ ᠶᠢᠨ ᠡᠯ᠎ᠡ ᠭᠠᠵᠠᠷ ᠤᠨ ᠬᠢᠨ ᠬᠤᠶᠠᠳᠠᠭᠢ ᠪᠦᠯᠦᠭ ᠤᠨ ᠭᠤᠣᠯ ᠰᠡᠳᠦᠪᠲᠦ ᠬᠥᠮᠥᠵᠢᠯ ᠢ | ᠪᠦᠬᠦ ᠲᠠᠯ᠎ᠠ ᠪᠠᠷ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠬᠦᠴᠦᠨ ᠲᠡᠭᠦᠯᠳᠡᠷ ᠡᠮᠬᠢ ᠴᠡᠭᠴᠡ ᠲᠠᠢ ᠠᠬᠢᠭᠤᠯᠵᠤ᠂ | ᠯᠠᠪᠳᠠᠭᠤᠨ ᠪᠠᠲᠤᠲᠠᠢ ᠥᠷᠨᠢᠭᠦᠯᠵᠦ ᠪᠠᠶᠢᠨ᠎ᠠ᠃ ᠱᠠᠨᠳᠦ᠋ᠩ ᠮᠤᠵᠢ ᠶᠢᠨ ᠵᠢᠢ ᠨᠢᠩ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠᠶᠢᠴᠠᠭᠠᠨ ᠰᠤᠳᠤᠯᠬᠤ᠂ ᠠᠶᠢᠯᠴᠢᠯᠠᠨ ᠰᠤᠷᠪᠤᠯᠵᠢᠯᠠᠬᠤ ᠵᠡᠷᠭᠡ ᠠᠷᠭ᠎ᠠ ᠪᠠᠷ | ᠳᠠᠮᠵᠢᠨ ᠣᠯᠠᠨ ᠲᠦᠮᠡᠨ ᠤ ᠱᠠᠭᠠᠷᠳᠠᠯᠭ᠎ᠠ ᠶᠢ ᠣᠶᠢᠯᠠᠭᠠᠵᠤ᠂ ᠣᠨᠴᠠᠭᠠᠢ ᠬᠠᠷᠠᠭᠠᠯᠵᠠᠯ ᠬᠦᠷᠲᠡᠭᠡᠬᠦ ᠴᠢᠬᠤᠯᠠ ᠲᠠᠢ | ᠨᠡᠩ ᠣᠯᠠᠨ ᠬᠡᠦᠬᠡᠳ ᠲᠤ ᠲᠤᠰᠠᠯᠠᠵᠤ ᠲᠡᠳᠡᠨ ᠢ ᠨᠡᠶᠢᠳᠡᠮ ᠳᠤᠨᠢ ᠬᠠᠷᠠᠭᠠᠯᠵᠠᠵᠤ ᠪᠠᠲᠤᠲᠠᠢ ᠠᠰᠢᠭ ᠬᠦᠷᠲᠡᠭᠡᠵᠦ | ᠪᠠᠶᠢᠨ᠎ᠠ᠃ | | ᠬᠤᠶᠠᠳᠠᠭᠢ ᠪᠦᠯᠦᠭ ᠤᠨ ᠭᠤᠣᠯ ᠰᠡᠳᠦᠪᠲᠦ ᠬᠥᠮᠥᠵᠢᠯ ᠥᠷᠨᠢᠭᠦᠯᠬᠦ ᠶᠠᠪᠤᠴᠠ ᠳᠤ ᠵᠢᠶᠠᠩᠰᠢ ᠮᠤᠵᠢ ᠶᠢᠨ | ᠬᠢᠨ ᠭᠤᠣᠯ ᠰᠡᠳᠦᠪᠲᠦ ᠬᠥᠮᠥᠵᠢᠯ ᠥᠷᠨᠢᠭᠦᠯᠬᠦ ᠶᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ︽ᠳᠥᠷᠪᠡᠨ | ᠵᠦᠢᠯ ᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠳᠬᠠᠵᠤ ᠪᠠᠶᠢᠨ᠎ᠠ᠃ ᠣᠯᠠᠨ ᠲᠦᠮᠡᠨ ᠤ ᠣᠷᠣᠯᠴᠠᠬᠤ ᠪᠠ ᠬᠢᠨᠠᠯᠲᠠ ᠲᠠᠯᠪᠢᠬᠤ ᠠᠷᠭ᠎ᠠ ᠵᠠᠮ ᠢ | ᠰᠢᠯᠤᠭᠤᠳᠬᠠᠬᠤ ᠶᠢᠨ ᠲᠥᠯᠥᠭᠡ ᠵᠢᠶᠠᠩᠰᠢ ᠮᠤᠵᠢ ᠶᠢᠨ ᠢ ᠴᠦᠨ ᠬᠤᠲᠠ ᠶᠢᠨ ᠬᠢᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠬᠠᠩᠭᠠᠬᠤ ᠬᠤᠭᠤᠯᠠ ᠤᠮᠳᠠᠭᠠᠨ ᠢ ᠬᠢᠨᠠᠯᠲᠠ ᠲᠠᠯᠪᠢᠬᠤ ᠲᠠᠪᠴᠠᠩ ᠢᠶᠠᠷ | ᠳᠠᠮᠵᠢᠭᠤᠯᠤᠨ ᠨᠡᠶᠢᠭᠡᠮ ᠨᠡᠶᠢᠲᠡ ᠳᠤ ᠢᠯᠠ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠭᠡᠷ ᠤᠨ ᠠᠬᠠᠮᠠᠳ ᠪᠤᠶᠤ | ᠬᠠᠮᠢᠶᠠᠲᠠᠢ ᠰᠠᠯᠠᠭ᠎ᠠ ᠮᠥᠴᠢᠷ ᠤᠨ ᠬᠠᠮᠢᠶᠠᠲᠠᠢ ᠲᠠᠪᠴᠠᠩ ᠢᠶᠠᠷ ᠳᠠᠮᠵᠢᠨ ᠪᠠᠶᠢᠴᠠᠭᠠᠨ ᠯᠠᠪᠯᠠᠬᠤ ᠳᠤ ᠲᠥᠬᠦᠮ | ᠪᠣᠯᠭᠠᠵᠤ᠂ ᠬᠡᠦᠬᠡᠳ ᠤᠳ ᠤᠨ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠡᠳᠦᠷ ᠪᠦᠷᠢ ᠶᠢᠨ ᠬᠤᠭᠤᠯᠠ | ᠤᠮᠳᠠᠭᠠᠨ ᠤ ᠪᠠᠶᠢᠳᠠᠯ ᠢ ᠴᠠᠭ ᠢᠮᠠᠭᠲᠠ ᠣᠶᠢᠯᠠᠭᠠᠵᠤ ᠪᠠᠶᠢᠨ᠎ᠠ᠃ ᠣᠶᠢᠷ᠎ᠠ ᠳᠤ᠂ ᠭᠠᠨ ᠵᠸᠦ ᠬᠤᠲᠠ ᠶᠢᠨ ᠱᠠᠩ | ᠶᠢᠤ ᠰᠢᠶᠠᠨ᠂ ᠵᠢᠩ ᠳ᠋ᠧ ᠵᠧᠨ ᠤ ᠯᠧ ᠫᠢᠡᠭ ᠬᠤᠲᠠ᠂ ᠢ ᠴᠦᠨ ᠬᠤᠲᠠ ᠶᠢᠨ ᠢ ᠹᠧᠩ ᠰᠢᠶᠠᠨ ᠵᠡᠷᠭᠡ | ᠭᠠᠵᠠᠷ ᠤᠨ ᠬᠢᠨ ᠡᠯ᠎ᠡ ᠰᠤᠷᠭᠠᠭᠤᠯᠢ ᠨᠤᠭᠤᠳ ᠢᠶᠠᠷ ᠭᠦᠨᠵᠡᠭᠡᠶᠢᠷᠡᠨ᠂ ᠶᠡᠭᠡ ᠲᠤᠭ᠎ᠠ ᠪᠠᠷᠢᠮᠲᠠ᠂ ᠣᠶᠣᠨᠯᠢᠭ ᠬᠢᠨᠠᠨ | ᠡᠵᠡᠮᠳᠡᠬᠦ ᠰᠢᠰᠲ᠋ᠧᠮ ᠵᠡᠷᠭᠡ ᠮᠡᠷᠭᠡᠵᠢᠯ ᠢ ᠢᠳᠡᠭᠡᠨ ᠤᠮᠳᠠᠭᠠᠨ ᠤ ᠠᠶᠤᠯ ᠦᠭᠡᠢ ᠪᠠᠶᠢᠬᠤ ᠶᠢ ᠪᠦᠬᠦ ᠲᠠᠯ᠎ᠠ ᠪᠠᠷ ᠬᠢᠨᠠᠨ | ᠬᠠᠮᠢᠶᠠᠷᠬᠤ ᠴᠠᠷ ᠬᠦᠷᠢᠶᠡᠨ ᠳᠤ ᠠᠰᠢᠭᠯᠠᠵᠤ᠂ ᠰᠤᠷᠤᠭᠴᠢᠳ ᠤᠨ ︽ᠢᠳᠡᠭᠡᠨ ᠤᠮᠳᠠᠭᠠᠨ ᠤ ᠠᠶᠤᠯ ᠦᠭᠡᠢ︾ | ᠪᠠᠶᠢᠬᠤ ᠶᠢ ᠪᠠᠲᠤᠯᠠᠵᠤ ᠪᠠᠶᠢᠨ᠎ᠠ᠃ | | | |