ᠰᠢ ᠶᠢᠨ ᠫᠢᠩ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠤᠷᠤᠯᠴᠠᠬᠰᠡᠨ ᠪᠥᠭᠡᠳ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/11/21
     ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠦ ᠶᠢᠨ 11 ᠰᠠᠷ᠎ᠠ ᠶᠢᠨ 17 ᠤ ᠴᠠᠭᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠠᠮᠧᠷᠢᠺᠠ ᠶᠢᠨ ᠰᠠᠨ ᠹᠷᠠᠨᠰᠢᠰᠺᠦ ᠶᠢᠨ ᠮᠤᠰᠺᠧᠨᠢ ᠲᠥᠪ ᠲᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠤᠭ ᠰᠠᠨᠠᠭ᠎ᠠ ᠪᠠᠨ ᠪᠠᠲᠤ ᠰᠠᠬᠢᠵᠤ ᠪᠦᠯᠬᠦᠮᠳᠡᠨ ᠬᠠᠮᠲᠤᠷᠠᠯᠴᠠᠵᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠨᠠᠷ ᠰᠠᠶᠢᠲᠠᠢ ᠨᠡᠮᠡᠭᠳᠡᠯ ᠢ ᠭᠠᠷ ᠬᠤᠯᠪᠣᠯᠴᠠᠨ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃  
     ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ ᠦᠳᠡ ᠶᠢᠨ ᠡᠮᠦᠨ᠎ᠡ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠠᠮᠧᠷᠢᠺᠠ ᠶᠢᠨ ᠰᠠᠨ ᠹᠷᠠᠨᠰᠢᠰᠺᠦ ᠶᠢᠨ ᠮᠤᠰᠺᠧᠨᠢ ᠲᠥᠪ ᠲᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠤᠭ ᠰᠠᠨᠠᠭ᠎ᠠ ᠪᠠᠨ ᠪᠠᠲᠤ ᠰᠠᠬᠢᠵᠤ ᠪᠦᠯᠬᠦᠮᠳᠡᠨ ᠬᠠᠮᠲᠤᠷᠠᠯᠴᠠᠵᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠨᠠᠷ ᠰᠠᠶᠢᠲᠠᠢ ᠨᠡᠮᠡᠭᠳᠡᠯ ᠢ ᠭᠠᠷ ᠬᠤᠯᠪᠣᠯᠴᠠᠨ ᠬᠠᠮᠲᠤ ᠪᠠᠷ ᠠᠬᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ            ᠰᠢ ᠶᠢᠨ ᠫᠢᠩ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠤᠳᠤᠷᠢᠳᠬᠤ ᠬᠥᠮᠥᠰ ᠤᠨ ᠲᠣᠭᠲᠠᠮᠠᠯ ᠬᠤᠭᠤᠴᠠᠭᠠᠲᠤ ᠬᠤᠷᠠᠯ ᠤᠨ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠢᠮᠠᠭᠲᠠ ᠪᠦᠭᠦ ᠪᠥᠮᠪᠥᠷᠴᠡᠭ ᠤᠨ ᠨᠡᠭᠡᠭᠡᠯᠲᠡᠲᠤ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠵᠤ᠂ ᠣᠷᠣᠨ ᠪᠦᠰᠡ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ᠂ ᠠᠵᠤ ᠠᠬᠤᠢ ᠮᠡᠷᠭᠡᠵᠢᠯ ᠤᠨ ᠬᠥᠭᠵᠢᠯᠲᠡ᠂ ᠡᠳ᠋ ᠪᠣᠳᠠᠰ ᠬᠥᠮᠥᠨ ᠬᠠᠷ᠎ᠠ ᠶᠢᠨ ᠰᠢᠯᠵᠢᠯᠲᠡ ᠶᠢ ᠬᠦᠴᠦᠲᠡᠢ ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ︽ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ︾ ᠢ ᠡᠭᠦᠳᠴᠡᠢ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠤᠯᠠᠷᠢᠵᠤ᠂ ᠳᠡᠯᠡᠬᠡᠢ ᠶᠢᠨ ᠠᠵᠤ ᠠᠬᠤᠢ ᠤᠯᠠᠨ ᠵᠦᠢᠯ ᠤᠨ ᠠᠶᠤᠯ ᠲᠦᠭᠰᠢᠭᠦᠷᠢ ᠶᠢᠨ ᠥᠷᠢᠰᠦᠯᠳᠦᠭᠡᠨ ᠳᠤ ᠲᠤᠯᠭᠠᠷᠠᠵᠤ᠂ ᠪᠦᠭᠦ ᠪᠥᠮᠪᠥᠷᠴᠡᠭ ᠤᠨ ᠨᠡᠮᠡᠭᠳᠡᠯ ᠤᠨ ᠬᠥᠳᠡᠯᠭᠡᠭᠦᠷ ᠪᠣᠯᠤᠭᠰᠠᠨ ᠤ ᠬᠤᠪᠢ ᠳᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠨᠡᠩ ᠶᠡᠭᠡ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠤᠳᠤᠷᠢᠳᠬᠤ ᠬᠥᠮᠥᠨ ᠪᠣᠯᠤᠭᠰᠠᠨ ᠤ ᠬᠤᠪᠢ ᠳᠤ᠂ ᠪᠢᠳᠡ ᠴᠥᠮ ᠶᠠᠮᠠᠷ ᠶᠠᠩᠵᠤ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠢ ᠲᠤᠰ ᠵᠠᠭᠤᠨ ᠤ ᠳᠤᠮᠳᠠᠴᠢ ᠦᠶ᠎ᠡ ᠳᠤ ᠤᠷᠤᠭᠤᠯᠬᠤ ᠪᠤᠢ︖ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢᠨ ᠲᠠᠷᠠᠭᠠᠴᠢ ᠶᠢᠨ ︽ᠰᠢᠵᠢᠷ ᠠᠯᠲᠠᠨ ᠭᠤᠴᠢᠨ ᠵᠢᠯ︾ ᠢ ᠬᠡᠷᠬᠢᠨ ᠴᠣᠭᠴᠠᠯᠠᠬᠤ ᠪᠤᠶ︖ ᠡᠨᠡ ᠬᠦ ᠶᠠᠪᠤᠴᠠ ᠳᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ ᠪᠤᠢ︖ ᠭᠡᠳᠡᠭ ᠢ ᠭᠦᠨᠵᠡᠭᠡᠢ ᠰᠡᠳᠬᠢᠨ ᠪᠣᠳᠣᠯᠬᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠳᠡ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠤᠭ ᠰᠠᠨᠠᠭ᠎ᠠ ᠶᠢ ᠪᠠᠷᠢᠮᠲᠠᠯᠠᠵᠤ᠂ ᠴᠠᠭ ᠦᠶ᠎ᠡ ᠶᠢᠨ ᠤᠷᠢᠶᠠᠯᠠᠭ᠎ᠠ ᠳᠤ ᠬᠠᠷᠢᠭᠤᠴᠠᠯᠭ᠎ᠠ ᠲᠠᠢ ᠪᠠᠷ ᠬᠠᠷᠢᠭᠤᠯᠲᠠ ᠥᠭᠴᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ᠂ ᠪᠦᠲ᠋ᠧᠯᠠᠵᠢᠶᠠ ᠶᠢᠨ ᠠᠯᠤᠰ ᠤᠨ ᠲᠥᠰᠥᠪ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠡᠭᠡᠯᠲᠡᠲᠡᠢ᠂ ᠠᠮᠢᠵᠢᠷᠠᠯ ᠤᠨ ᠬᠦᠴᠦᠨ ᠲᠠᠢ᠂ ᠤᠶᠠᠨ ᠬᠠᠳᠠᠨ᠂ ᠡᠩᠬᠡ ᠲᠠᠶᠢᠪᠤᠩ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠳ ᠲᠦᠮᠡᠨ ᠪᠣᠯᠣᠨ ᠦᠷ᠎ᠡ ᠬᠤᠶᠢᠴᠢᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠪᠡᠯ ᠵᠣᠬᠢᠨ᠎ᠠ᠃      ᠨᠢᠭᠡᠳᠦᠭᠡᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠶ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠨᠡᠩ ᠢᠳᠡᠪᠬᠢᠲᠡᠢ ᠠᠬᠢᠭᠤᠯᠵᠤ᠂ ᠨᠡᠭᠡᠭᠡᠯᠲᠡᠲᠤ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠣᠷᠴᠢᠨ ᠢ ᠭᠠᠷ ᠬᠤᠯᠪᠣᠯᠴᠠᠨ ᠴᠣᠭᠴᠠᠯᠠᠶ᠎ᠠ᠃ ᠲᠣᠭᠠᠴᠢᠯᠠᠯᠲᠠ ᠶᠢᠨ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠲᠣᠭᠠᠴᠢᠯᠠᠯᠲᠠ ᠶᠢᠨ ᠵᠠᠭᠠᠭ ᠢ ᠪᠠᠭᠠᠰᠬᠠᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠪᠣᠳᠣᠯᠲᠠ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠳᠡᠮᠵᠢᠵᠦ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠣᠯᠭᠠᠶ᠎ᠠ᠃ ᠳᠤᠮᠳᠠᠳᠤ ᠤᠯᠤᠰ ᠤᠨ ᠬᠢᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠲᠣᠭᠠᠴᠢᠯᠠᠭᠰᠠᠨ ᠪᠡᠶ᠎ᠡ ᠶᠢᠨ ᠭᠠᠷᠤᠯ᠂ ᠲᠣᠭᠠᠴᠢᠯᠠᠭᠰᠠᠨ ᠮᠡᠷᠭᠡᠵᠢᠯ ᠢᠶᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠰᠠᠨᠠᠭᠠᠴᠢᠯᠠᠭ᠎ᠠ ᠶᠢ ᠳᠤᠷᠠᠳᠴᠤ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠳᠤ ᠨᠠᠩ ᠰᠠᠶᠢᠲᠤᠷ ᠢᠶᠠᠷ ᠡᠨᠧᠷᠭᠢ ᠨᠡᠮᠡᠷᠢᠯᠡᠪᠡ᠃      ᠬᠤᠶᠠᠳᠤᠭᠠᠷ ᠲᠤ᠂ ᠨᠡᠭᠡᠭᠡᠯᠲᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠶ᠎ᠠ᠃ ᠴᠢᠯᠦᠭᠡᠲᠡᠢ ᠨᠡᠭᠡᠭᠡᠯᠲᠡᠲᠤ ᠠᠷᠠᠯᠵᠢᠶᠠᠨ ᠤ ᠪᠡᠯᠡ ᠣᠷᠣᠭᠤᠯᠤᠯᠲᠠ ᠶᠢ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠨ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠬᠦ᠂ ᠵᠡᠪᠰᠡᠭᠵᠢᠭᠦᠯᠬᠦ᠂ ᠠᠯᠢᠪᠠ ᠪᠦᠭᠦᠨ ᠢ ᠠᠮᠤᠷ ᠲᠦᠪᠰᠢᠨ ᠤ ᠠᠰᠠᠭᠤᠳᠠᠯ ᠪᠤᠯᠭᠠᠬᠤ ᠶᠢ ᠡᠰᠡᠷᠭᠦᠴᠡᠶ᠎ᠡ᠃ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠠᠬᠢᠴᠠ ᠶᠢ ᠲᠦᠷᠭᠡᠳᠬᠡᠨ ᠠᠬᠢᠭᠤᠯᠤᠶ᠎ᠠ᠃ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ᠂ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠭᠤᠷᠪᠠᠳᠤᠭᠠᠷ ᠲᠤ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠶ᠎ᠠ᠃ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠲᠦᠷᠭᠡᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠲᠡᠭᠡᠭᠰᠢᠯᠡᠭᠦᠯᠭᠦ ᠶᠢ ᠬᠠᠮᠵᠢᠯᠴᠠᠨ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠮᠡᠭᠳᠡᠯ ᠤᠨ ᠪᠣᠬᠢᠷᠳᠤᠯ ᠦᠭᠡᠢ ᠰᠠᠭᠤᠷᠢ ᠶᠢ ᠵᠤᠵᠠᠭᠠᠳᠬᠠᠶ᠎ᠠ᠃ ᠳᠤᠮᠳᠠᠳᠤ ᠤᠯᠤᠰ ᠤᠨ ᠬᠢᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠪᠠ᠃ ᠪᠢᠳᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠬᠢᠷᠳᠤᠯ ᠦᠭᠡᠢ ᠬᠥᠳᠡᠭᠡ ᠠᠵᠤ ᠠᠬᠤᠢ᠂ ᠦᠷᠭᠦᠯᠵᠢᠯᠡᠬᠦ ᠬᠤᠳᠠ᠂ ᠡᠨᠧᠷᠭᠢ ᠶᠢᠨ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠳᠠᠯᠠᠢ ᠲᠠᠩᠭᠢᠰ ᠤᠨ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠳᠤᠷᠠᠳᠴᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠬᠠᠮᠲᠤ ᠪᠠᠷ ᠪᠠᠶᠢᠭᠤᠯᠬᠤ ᠶᠢ ᠠᠬᠢᠭᠤᠯᠪᠠ᠃      ᠳᠥᠷᠪᠡᠳᠦᠭᠡᠷ ᠲᠤ᠂ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠪᠠᠷᠢᠮᠲᠠᠯᠠᠶ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠠᠰᠠᠭᠤᠳᠠᠯ ᠤᠨ ᠤᠯᠠᠨ ᠤᠯᠤᠰ ᠤᠨ ᠵᠥᠪᠯᠡᠬᠦ ᠵᠦᠢᠯ ᠤᠨ ᠭᠤᠣᠯ ᠪᠠᠶᠢᠷᠢᠨ ᠳᠤ ᠪᠤᠴᠠᠬᠤ ᠶᠢ ᠠᠬᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠤᠯᠠᠭᠠᠨ ᠲᠤᠭ᠎ᠠ ᠶᠢ ᠬᠠᠮᠲᠤ ᠪᠠᠷ ᠰᠢᠢᠳᠪᠦᠷᠢᠯᠡᠶ᠎ᠡ᠃ ᠡᠯ᠎ᠡ ᠲᠠᠯ᠎ᠠ ᠶᠢᠨ ᠬᠢᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠳᠪᠦᠷᠢᠵᠢᠯᠲᠡ᠂ ᠬᠥᠭᠵᠢᠯᠲᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠭᠦ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠬᠦ ᠶᠢ ᠦᠷᠭᠦᠯᠵᠢᠯᠡᠨ ᠳᠡᠮᠵᠢᠵᠦ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠥᠭᠵᠢᠯᠲᠡ ᠶᠢᠨ ᠪᠤᠭᠤᠷᠰᠤᠭ ᠢ ᠬᠠᠮᠲᠤ ᠪᠠᠷ ᠲᠣᠮᠣ ᠪᠣᠯᠭᠠᠨ ᠪᠤᠵᠠᠭᠠᠶᠢᠷᠠᠭᠤᠯᠤᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠤᠢ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠪᠠᠨ ᠪᠡᠶᠡᠯᠡᠭᠦᠯᠬᠦ ᠳᠤ ᠰᠢᠨ᠎ᠡ ᠠᠵᠠ ᠲᠣᠭᠢᠶᠠᠯ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠶᠢᠨ ᠨᠡᠩ ᠤᠯᠠᠨ ᠨᠡᠩ ᠡᠯᠪᠡᠭ ᠦᠷ᠎ᠡ ᠪᠦᠲᠦᠭᠡᠯ ᠣᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠳᠠᠷᠠᠭᠠᠴᠢ ᠶᠢᠨ ︽ᠰᠢᠵᠢᠷ ᠠᠯᠳᠠᠨ ᠭᠤᠴᠢᠨ ᠵᠢᠯ︾ ᠢ ᠬᠠᠮᠲᠤ ᠪᠠᠷ ᠴᠣᠭᠴᠠᠯᠠᠨ᠎ᠠ︕ ᠭᠡᠵᠦ ᠴᠢᠬᠤᠯᠠᠴᠢᠯᠠᠪᠠ᠃      ᠬᠤᠷᠠᠯ ᠢ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠡᠷᠭᠢᠯᠡᠵᠥ᠂ ︽ᠪᠤᠢ ᠪᠦᠬᠦᠢ ᠬᠥᠮᠥᠰ ᠲᠤ ᠬᠠᠳᠠᠨ ᠪᠠᠲᠤ ᠦᠷᠭᠦᠯᠵᠢᠯᠡᠬᠦ ᠢᠷᠡᠭᠡᠳᠦᠢ ᠶᠢ ᠴᠣᠭᠴᠠᠯᠠᠨ ᠪᠠᠶᠢᠭᠤᠯᠵᠤ ᠥᠭᠭᠦᠶ᠎ᠠ︾ ᠭᠡᠬᠦ ᠪᠠᠷ ᠭᠤᠣᠯ ᠰᠡᠳᠦᠪ ᠢᠶᠠᠨ ᠪᠣᠯᠭᠠᠪᠠ᠃      ᠬᠤᠷᠠᠯ ᠠᠴᠠ ︽2023 ᠣᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠰᠠᠨ ᠹᠷᠠᠨᠰᠢᠰᠺᠦ ᠶᠢᠨ ᠲᠤᠩᠬᠠᠭ︾ ᠢ ᠨᠡᠶᠢᠲᠡᠯᠡᠵᠡᠢ᠃      ᠸᠠᠩ ᠢ ᠬᠤᠷᠠᠯ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号