ᠰᠢ ᠶᠢᠨ ᠫᠢᠩ ᠪᠣᠯᠣᠨ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠳᠤ ᠲᠤᠰ ᠲᠤᠰ ᠪᠠᠶᠠᠷ ᠤᠨ ᠵᠠᠬᠢᠳᠠᠯ ᠢᠯᠡᠭᠡᠵᠡᠢ
ᠨᠡᠶᠢᠲᠡᠯᠡᠭᠰᠡᠨ ᠴᠠᠭ᠄
2023/11/22
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 20 ᠤ ᠴᠠᠭᠢᠯᠭᠠᠨ ᠮᠡᠳᠡᠭᠡ  11 ᠰᠠᠷ᠎ᠠ ᠶᠢᠨ 20 ᠤ ᠡᠳᠦᠷ᠂ ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠸᠢᠳᠢᠤ᠋ ᠭᠡᠯᠪᠡᠷᠢ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠬᠤᠷᠠᠯ ᠳᠤ ᠲᠣᠰ ᠲᠣᠰ ᠪᠠᠶᠠᠷ ᠤᠨ ᠵᠠᠬᠢᠳᠠᠯ ᠢᠯᠡᠭᠡᠵᠡᠢ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠣᠳᠣᠬᠠᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠳᠤᠮᠳᠠᠳᠤ ᠤᠷᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠬᠠᠲᠠᠭᠤ ᠴᠢᠩᠭ᠎ᠠ ᠰᠢᠯᠭᠠᠯᠲᠠ ᠶᠢ ᠳᠠᠭᠠᠭᠠᠵᠤ᠂ ᠢᠮᠠᠭᠲᠠ ᠥᠨᠳᠥᠷ ᠲᠦᠪᠰᠢᠨ ᠪᠦᠬᠦᠢ ᠬᠥᠭᠵᠢᠯᠲᠡ ᠶᠢ ᠪᠠᠲᠤᠯᠠᠵᠤ᠂ ᠰᠢᠨ᠎ᠡ ᠮᠠᠶ᠋ᠢᠭ ᠤᠨ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ᠂ ᠪᠦᠭᠦ ᠪᠥᠮᠪᠥᠷᠴᠡᠭ ᠤᠨ ᠲᠣᠭᠲᠠᠭᠤᠨ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠦᠷᠳᠡᠭ ᠢ ᠨᠡᠩ ᠲᠣᠪᠤᠶᠢᠮ᠎ᠠ ᠪᠣᠯᠭᠠᠵᠠᠢ᠃ ᠢᠷᠡᠬᠦ ᠵᠢᠯ ᠪᠣᠯ ᠳᠤᠮᠳᠠᠳᠤ ᠤᠷᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠬᠦᠷᠯᠡᠯ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠳᠤᠮᠳᠠᠳᠤ ᠤᠷᠤᠰ ᠤᠨ ᠬᠠᠷᠢᠯᠴᠠᠭ᠎ᠠ ᠶᠢ ᠡᠷᠡᠰ ᠬᠥᠭᠵᠢᠭᠦᠯᠵᠦ᠂ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠢ ᠬᠦᠴᠦᠲᠡᠢ ᠠᠬᠢᠭᠤᠯᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠬᠡᠯᠡᠪᠡ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠨᠢᠭᠡᠳᠦᠭᠰᠡᠨ ᠤᠷᠤᠰ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ ᠶᠠᠷᠢᠯᠴᠠᠭ᠎ᠠ ᠶᠢᠨ ᠲᠣᠭᠲᠠᠴᠠ ᠨᠢ ᠨᠢᠭᠡᠨᠲᠡ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠥᠪᠡᠷᠮᠢᠴᠡ ᠠᠷᠭ᠎ᠠ ᠵᠠᠮ ᠪᠠ ᠲᠠᠪᠴᠠᠩ ᠪᠣᠯᠵᠤ ᠬᠥᠭᠵᠢᠪᠡ᠃ ᠬᠤᠶᠠᠷ ᠨᠠᠮ ᠤᠨ ᠬᠢᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠶᠠᠪᠤᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠲᠣᠭᠲᠠᠴᠠ ᠶᠢᠨ ᠴᠢᠨᠠᠷᠲᠠᠢ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠫᠦᠲ᠋ᠢᠨ ᠪᠠᠶᠠᠷ ᠤᠨ ᠵᠠᠬᠢᠳᠠᠯ ᠳᠠᠭᠠᠨ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠣᠷᠣᠰᠢᠵᠤ ᠪᠠᠶᠢᠨ᠎ᠠ᠃ ᠬᠤᠶᠠᠷ ᠤᠯᠤᠰ ᠢᠶᠠᠷ ᠢᠶᠠᠨ ᠠᠵᠤ ᠠᠬᠤᠢ᠂ ᠵᠠᠮ ᠬᠠᠷᠢᠯᠴᠠᠭ᠎ᠠ᠂ ᠡᠨᠧᠷᠭᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠠᠯᠢ ᠤᠯᠠᠨ ᠲᠣᠮᠣ ᠭᠡᠯᠪᠡᠷᠢ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠠᠬᠢᠭᠤᠯᠵᠤ᠂ ᠬᠤᠶᠠᠷ ᠲᠠᠯ᠎ᠠ ᠶᠢᠨ ᠠᠷᠭ᠎ᠠ ᠵᠠᠮ ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯ᠎ᠠ ᠶᠢᠨ ᠲᠣᠭᠲᠠᠴᠠ ᠶᠢᠨ ᠵᠣᠬᠢᠴᠠᠭᠤᠯᠬᠤ ᠵᠣᠭᠰᠣᠯᠲᠠ᠂ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠵᠤ᠂ ᠨᠡᠩ ᠲᠥᠪ ᠭᠤᠣᠯᠴᠢ ᠠᠷᠠᠳᠴᠢᠯᠠᠯ ᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠵᠤ ᠪᠠᠶᠢᠨ᠎ᠠ᠃ ᠨᠢᠭᠡᠳᠦᠭᠰᠡᠨ ᠤᠷᠤᠰ ᠨᠠᠮ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠷᠤᠰ ᠳᠤᠮᠳᠠᠳᠤ ᠶᠢᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ ᠥᠨᠳᠥᠷ ᠲᠦᠪᠰᠢᠨ ᠪᠦᠬᠦᠢ᠂ ᠪᠦᠲᠦᠭᠡᠯᠴᠢ ᠴᠢᠨᠠᠷᠲᠠᠢ ᠬᠤᠷᠰᠢᠯᠴᠠᠭ᠎ᠠ ᠥᠷᠨᠢᠭᠦᠯᠵᠦ᠂ ᠬᠤᠶᠠᠷ ᠤᠯᠤᠰ ᠤᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢᠨ ᠲᠦᠷᠭᠡᠨ ᠬᠥᠭᠵᠢᠯᠲᠡ ᠶᠢ ᠠᠬᠢᠭᠤᠯᠵᠤ ᠪᠠᠶᠢᠨ᠎ᠠ᠃ ᠬᠤᠶᠠᠷ ᠨᠠᠮ ᠤᠨ ᠲᠥᠪ ᠬᠤᠷᠢᠶ᠎ᠠ ᠶᠢᠨ ᠪᠠᠶᠢᠭᠤᠯᠭ᠎ᠠ ᠪᠣᠯᠣᠨ ᠣᠷᠣᠨ ᠨᠤᠲᠤᠭ ᠤᠨ ᠪᠠᠶᠢᠭᠤᠯᠤᠮᠵᠢ ᠠᠴᠠ ᠲᠣᠭᠲᠠᠴᠠ ᠶᠢᠨ ᠴᠢᠨᠠᠷᠲᠠᠢ ᠶᠠᠪᠤᠯᠴᠠᠭ᠎ᠠ ᠪᠠᠨ ᠪᠠᠲᠤᠯᠠᠵᠤ᠂ ᠨᠠᠮ ᠤᠨ ᠪᠠᠶᠢᠭᠤᠯᠤᠯᠲᠠ᠂ ᠬᠠᠤᠯᠢ ᠲᠣᠭᠲᠠᠭᠠᠯᠲᠠ ᠪᠣᠯᠣᠨ ᠨᠡᠶᠢᠭᠡᠮ ᠵᠡᠷᠭᠡ ᠬᠦᠷᠢᠶᠡᠨ ᠤ ᠠᠵᠢᠯ ᠤᠨ ᠲᠣᠭᠤᠷᠢᠨ ᠳᠤ ᠠᠰᠢᠭᠲᠠᠢ ᠲᠤᠷᠰᠢᠯᠭ᠎ᠠ ᠪᠠᠨ ᠰᠣᠯᠢᠯᠴᠠᠵᠤ᠂ ᠬᠤᠶᠠᠷ ᠲᠠᠯ᠎ᠠ ᠶᠢᠨ ᠪᠠ ᠤᠯᠠᠨ ᠤᠯᠤᠰ ᠤᠨ ᠵᠥᠪᠯᠡᠬᠦ ᠵᠦᠢᠯ ᠳᠠᠬᠢ ᠠᠯᠢ ᠤᠯᠠᠨ ᠪᠣᠳᠠᠲᠠᠢ ᠠᠰᠠᠭᠤᠳᠠᠯ ᠤᠨ ᠲᠤᠬᠠᠢ ᠭᠦᠨᠵᠡᠭᠡᠢ ᠶᠠᠷᠢᠯᠴᠠᠪᠠ᠃ ᠤᠷᠤᠰ ᠳᠤᠮᠳᠠᠳᠤ ᠶᠢᠨ ᠲᠦᠷᠦ ᠪᠠᠷᠢᠭᠴᠢ ᠨᠠᠮ ᠤᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠠᠴᠠ ᠥᠷᠨᠢᠭᠦᠯᠦᠭᠰᠡᠨ ᠶᠠᠷᠢᠯᠴᠠᠭ᠎ᠠ ᠨᠢ ᠡᠯᠪᠡᠭ ᠪᠠᠶᠠᠯᠢᠭ ᠠᠭᠤᠯᠤᠭᠳᠠᠬᠤᠨ ᠲᠠᠢ᠂ ᠪᠦᠲᠦᠭᠡᠯᠴᠢ ᠴᠢᠨᠠᠷᠲᠠᠢ ᠪᠠᠶᠢᠵᠤ᠂ ᠤᠷᠤᠰ ᠳᠤᠮᠳᠠᠳᠤ ᠶᠢᠨ ᠬᠤᠭᠤᠷᠣᠨᠳᠣᠭᠢ ᠪᠦᠲᠦᠮᠵᠢᠲᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠤᠯᠠᠮ ᠴᠢᠨᠠᠭᠰᠢᠳᠠ ᠠᠬᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃    
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号