ᠥᠪᠡᠷᠲᠡᠭᠡᠨ ᠵᠠᠰᠠᠬᠤ ᠣᠷᠣᠨ ᠠᠴᠠ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠣᠯᠭᠤᠪᠠ
ᠨᠡᠶᠢᠲᠡᠯᠡᠭᠰᠡᠨ ᠴᠠᠭ᠄
2023/11/23
     ᠣᠳᠣᠬᠠᠨ ᠤ ᠪᠦᠭᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠠᠷᠢᠭᠤᠴᠠᠯᠭ᠎ᠠ ᠲᠣᠳᠣᠷᠬᠠᠢ ᠦᠭᠡᠢ᠂ ᠠᠵᠢᠯ ᠤᠨ ᠦᠷ᠎ᠡ ᠪᠦᠲᠦᠮᠵᠢ ᠳᠣᠣᠷ᠎ᠠ᠂ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠤᠢ ᠰᠢᠭᠤᠢ ᠪᠠ  ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ   ᠶᠢ ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠤᠨ ᠣᠷᠳᠣᠨ ᠤ ᠲᠣᠭᠲᠠᠭᠠᠯ︾ ︵ᠳᠣᠷᠣᠭᠰᠢ  ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠡᠨᠡ ᠨᠢ ᠮᠠᠨ ᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠬᠤᠭᠤᠰᠤᠨ ᠢ ᠨᠥᠬᠦᠪᠦᠷᠢᠯᠡᠵᠦ᠂ ᠬᠠᠤᠯᠢ ᠠᠴᠠ  ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠤᠨ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠮᠠᠨ ᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠳᠡᠭᠡᠭᠰᠢᠯᠡᠭᠰᠡᠨ ᠢ ᠬᠠᠷᠠᠭᠤᠯᠤᠭᠰᠠᠨ ᠪᠠᠶᠢᠨ᠎ᠠ᠃      ︽ᠲᠣᠭᠲᠠᠭᠠᠯ︾ ᠳᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠭᠰᠠᠨ ᠬᠤᠭᠤᠴᠠᠭᠠᠨ ᠤ ᠳᠣᠲᠣᠷ᠎ᠠ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠥᠭᠬᠦ  ᠡᠷᠬᠡ ᠣᠯᠭᠤᠵᠤ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠭᠰᠠᠨ ᠬᠤᠭᠤᠴᠠᠭᠠᠨ ᠤ ᠳᠣᠲᠣᠷ᠎ᠠ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠣᠶ ᠰᠢᠭᠤᠢ ᠶᠢᠨ ᠵᠠᠰᠠᠭ ᠵᠠᠬᠢᠷᠭᠠᠨ ᠤ ᠰᠢᠢᠳᠬᠡᠯ ᠥᠭᠬᠦ  ᠡᠷᠬᠡ ᠣᠯᠭᠤᠵᠤ᠂ ᠡᠷᠬᠡ ᠣᠯᠭᠤᠬᠤ ᠬᠤᠭᠤᠴᠠᠭ᠎ᠠ ᠨᠢ 1 ᠵᠢᠯ ︵ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠪᠤᠳᠤᠨ᠎ᠠ︶ ᠪᠣᠯᠣᠨ᠎ᠠ᠃      ᠣᠷᠣᠨ ᠨᠤᠲᠤᠭ ᠲᠤ ᠡᠷᠬᠡ ᠣᠯᠭᠤᠭᠰᠠᠨ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠳᠤ ᠣᠶ ᠰᠢᠭᠤᠢ ᠶᠢᠨ ᠬᠡᠷᠡᠭ᠂ ᠨᠤᠲᠤᠭ ᠪᠡᠯᠴᠢᠭᠡᠷ ᠤᠨ ᠬᠡᠷᠡᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠡᠷᠡᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠷᠡᠭ᠂ ᠨᠤᠭᠤ ᠭᠠᠵᠠᠷ ᠤᠨ ᠬᠡᠷᠡᠭ᠂ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠡᠷᠡᠭ ᠪᠠᠭᠲᠠᠨ᠎ᠠ᠃ ᠡᠭᠦᠨ ᠳᠤ ᠨᠤᠲᠤᠭ ᠪᠡᠯᠴᠢᠭᠡᠷ ᠤᠨ ᠬᠡᠷᠡᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠨᠤᠭᠤ ᠭᠠᠵᠠᠷ  ᠤᠨ ᠬᠡᠷᠡᠭ ᠢ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠣᠶ ᠰᠢᠭᠤᠢ  ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠲᠤ ᠪᠠᠷ ᠬᠠᠤᠯᠢ ᠭᠡᠷᠡᠭᠵᠢᠭᠦᠯᠦᠨ᠎ᠡ᠃ᠣᠷᠣᠨ ᠨᠤᠲᠤᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠦᠷᠭᠦᠯᠵᠢᠯᠡᠨ ᠦᠯᠡᠳᠡᠭᠡᠬᠦ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠦᠢᠯᠡᠰ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭ᠂ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠬᠡᠷᠡᠭ᠂ ᠣᠶ ᠰᠢᠭᠤᠢ ᠪᠠ ᠨᠤᠲᠤᠭ ᠪᠡᠯᠴᠢᠭᠡᠷ ᠤᠨ ᠦᠷ᠎ᠡ ᠴᠢᠬᠢ ᠵᠢᠴᠢ ᠤᠷᠭᠤᠮᠠᠯ ᠤᠨ ᠰᠢᠨ᠎ᠡ ᠡᠭᠦᠯᠳᠡᠷ ᠤᠨ ᠬᠡᠷᠡᠭ ᠪᠠᠭᠲᠠᠨ᠎ᠠ᠃ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ  ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠭᠰᠠᠨ ᠣᠶ ᠰᠢᠭᠤᠢ ᠶᠢᠨ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠳᠤ ᠣᠶ ᠰᠢᠭᠤᠢ ᠶᠢᠨ ᠬᠡᠷᠡᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠡᠷᠡᠭ᠂ ᠪᠠᠶᠢᠭᠠᠯᠢ  ᠶᠢᠨ ᠬᠠᠮᠠᠭᠠᠯᠠᠯᠲᠠ ᠶᠢᠨ ᠭᠠᠵᠠᠷ ᠤᠨ ᠬᠡᠷᠡᠭ᠂ ᠨᠤᠭᠤ ᠭᠠᠵᠠᠷ ᠤᠨ ᠬᠡᠷᠡᠭ᠂ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ᠬᠡᠷᠡᠭ᠂ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠬᠡᠷᠡᠭ᠂ ᠣᠶ ᠰᠢᠭᠤᠢ ᠶᠢᠨ ᠦᠷ᠎ᠡ ᠴᠢᠬᠢ ᠵᠢᠴᠢ ᠤᠷᠭᠤᠮᠠᠯ ᠤᠨ ᠰᠢᠨ᠎ᠡ ᠡᠭᠦᠯᠳᠡᠷ ᠤᠨ ᠬᠡᠷᠡᠭ ᠪᠠᠭᠲᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号