ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 14 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/28
     11 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 14 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠦᠨ ᠴᠡᠷᠢᠭ ᠢ ᠮᠠᠨᠳᠤᠭᠤᠯᠬᠤ ᠲᠤᠬᠠᠶ ᠴᠢᠬᠤᠯᠠ ᠥᠭᠦᠯᠡᠯᠲᠡ ᠪᠣᠯᠤᠨ ᠳᠡᠭᠡᠳᠦ ᠱᠠᠲᠤᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠳᠠᠭᠠᠭᠤᠯᠤᠨ ᠰᠤᠷᠤᠯᠴᠠᠵᠤ᠂ ᠳᠠᠷᠠᠭ᠎ᠠ ᠳᠤᠨᠢ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠬᠦᠨ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠬᠡᠷᠡᠭᠯᠡᠵᠦ᠂ ᠰᠠᠶᠢᠲᠤᠷ ᠣᠶᠢᠯᠠᠭᠠᠵᠤ᠂ ᠬᠠᠶᠢᠷ᠎ᠠ ᠬᠠᠯᠠᠮᠵᠢ ᠪᠠ ᠨᠠᠨᠳᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠠᠶᠢᠯᠳᠤᠭᠠᠨ ᠬᠢᠬᠦ ᠮᠠᠶ᠋ᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠᠷ ᠬᠥᠲᠥᠯᠦᠮᠵᠢ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠪᠠᠷᠢᠮᠵᠢᠶ᠎ᠠ᠂ ᠨᠡᠩ ᠴᠢᠩᠭ᠎ᠠ ᠤᠬᠠᠮᠰᠠᠷ ᠢᠶᠠᠷ ᠠᠵᠢᠯ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢ ᠰᠠᠶᠢᠲᠤᠷ ᠠᠳᠬᠤᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠤᠨᠤᠯ ᠤᠨ ᠦᠷ᠎ᠡ ᠪᠦᠲᠦᠭᠡᠯ ᠢ ᠦᠨᠡᠨᠬᠦ ᠤᠯᠠᠷᠢᠭᠤᠯᠤᠨ ᠬᠡᠷᠡᠭᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠵᠤ ᠬᠦᠰᠡᠵᠦ ᠰᠠᠨᠠᠭᠰᠠᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠮᠠᠨ ᠤ ᠰᠢᠶᠠᠨ ᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号