ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠲᠤᠭᠳᠠᠪᠤᠷᠢᠵᠢᠭᠰᠠᠨ ᠤ ᠰᠠᠭᠤᠷᠢᠨ ᠲᠡᠭᠡᠷ᠎ᠡ  ᠪᠠᠨ ᠴᠢᠨᠠᠭᠰᠢᠳᠠ ᠪᠠᠬᠢᠵᠢᠵᠦ᠂ ᠨᠡᠮᠡᠭᠳᠡᠯ ᠤᠨ ᠬᠠᠨᠳᠤᠰᠢ ᠨᠢ ᠠᠯᠬᠤᠮ ᠠᠯᠬᠤᠮ ᠢᠶᠠᠷ ᠢᠯᠡᠷᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2023/11/28
     ᠡᠨᠡ ᠵᠢᠯ ᠠᠴᠠ ᠨᠠᠭᠠᠰᠢ᠂ ᠲᠡᠯᠡᠬᠡᠢ ᠶᠢᠨ ᠭᠤᠤᠯ ᠪᠤᠯᠬᠤ ᠠᠵᠦ ᠠᠬᠤᠢ  ᠶᠢᠨ ᠴᠤᠭᠴᠠ ᠶᠢᠨ ᠭᠠᠳᠠᠭᠠᠳᠤ ᠠᠷᠠᠯᠵᠢᠶ᠎ᠠ ᠨᠡᠶᠢᠳᠡᠮ ᠶᠡᠬᠡᠪᠡᠷ ᠪᠠᠭᠤᠷᠠᠵᠦ ᠪᠠᠶᠢᠭ᠎ᠠ ᠪᠠᠶᠢᠳᠠᠯ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠲᠤᠭᠳᠠᠪᠤᠷᠢᠵᠢᠭᠰᠠᠨ ᠤ ᠰᠠᠭᠤᠷᠢᠨ ᠲᠡᠭᠡᠷ᠎ᠡ  ᠪᠠᠨ ᠴᠢᠨᠠᠭᠰᠢᠳᠠ ᠪᠠᠬᠢᠵᠢᠵᠦ᠂ ᠨᠡᠮᠡᠭᠳᠡᠯ  ᠤᠨ ᠬᠠᠨᠳᠤᠰᠢ ᠨᠢ ᠠᠯᠬᠤᠮ ᠠᠯᠬᠤᠮ  ᠢᠶᠠᠷ ᠢᠯᠡᠷᠡᠭᠰᠡᠨ ᠪᠠᠶᠢᠨ᠎ᠠ᠃      ᠠᠷᠪᠠᠨ ᠨᠢᠭᠡᠳᠦᠭᠡᠷ ᠰᠠᠷ᠎ᠠ ᠳᠤ ᠤᠷᠤᠭᠰᠠᠨ ᠠᠴᠠ ᠨᠠᠭᠠᠰᠢ᠂ ᠮᠠᠨ ᠤ ᠤᠯᠤᠰ ᠤᠨ ᠬᠢᠯᠢ ᠠᠯᠤᠰᠯᠠᠭᠰᠠᠨ ᠰᠦᠯᠵᠢᠶᠡᠨ ᠤ ᠬᠤᠳᠠᠯᠳᠤᠭᠠᠨ ᠤ ᠠᠷᠠᠯᠵᠢᠶ᠎ᠠ ᠮᠠᠰᠢ ᠬᠦᠭᠵᠢᠶᠡᠨᠲᠠᠢ ᠪᠠᠶᠢᠵᠦ᠂ ᠭᠠᠳᠠᠭᠠᠳᠤ  ᠳᠠᠬᠢ ᠪᠠᠷᠠᠭᠠᠨ  ᠤ ᠵᠠᠬᠢᠶᠠᠯᠠᠭ᠎ᠠ ᠤᠷᠬᠢᠯ ᠦᠶ᠎ᠡ ᠳᠡᠭᠡᠨ ᠤᠷᠤᠭᠰᠠᠨ ᠪᠠᠶᠢᠨ᠎ᠠ᠃ ᠭᠠᠶᠢᠯᠢ  ᠠᠴᠠ ᠬᠠᠮᠠᠭᠠᠯᠠᠬᠤ ᠲᠤᠭᠤᠷᠢᠭ ᠤᠨ ᠬᠦᠮᠦᠷᠭᠡ  ᠳᠤ ᠮᠠᠰᠢ ᠶᠠᠭᠠᠷᠠᠯᠲᠠᠢ ᠪᠠᠶᠢᠵᠦ᠂ ᠲᠠᠮᠵᠢᠭᠤᠯᠤᠭᠴᠢ ᠪᠦᠰᠡᠨ ᠲᠡᠭᠡᠷᠡᠬᠢ ᠪᠤᠭᠤᠳᠠᠯ ᠪᠠᠭᠯᠠᠭ᠎ᠠ ᠨᠠᠭᠠᠰᠢ ᠴᠠᠭᠠᠰᠢ ᠰᠦᠯᠵᠢᠯᠳᠦᠨ᠎ᠡ᠃      ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠦᠭᠵᠢᠯᠳᠡ ᠦᠷᠬᠦᠯᠵᠢᠯᠡᠨ ᠠᠮᠢᠵᠢᠷᠠᠯ  ᠤᠨ ᠬᠦᠴᠤᠨ  ᠢᠶᠠᠷ ᠪᠢᠯᠬᠠᠵᠦ᠂ ᠬᠦᠭᠵᠢᠯᠳᠡ  ᠶᠢᠨ ᠰᠠᠶᠢᠨ ᠰᠠᠶᠢᠬᠠᠨ ᠬᠠᠨᠳᠤᠰᠢ ᠨᠢ ᠴᠢᠨᠠᠭᠰᠢᠳᠠ ᠪᠠᠬᠢᠵᠢᠭ᠍ᠰᠡᠨ ᠪᠠᠶᠢᠨ᠎ᠠ᠃ ᠡᠨᠡ ᠤᠨ ᠤ 1 ᠠᠴᠠ 10 ᠳ᠋ᠤᠭᠠᠷ ᠰᠠᠷ᠎ᠠ ᠲᠠᠭᠤᠰᠳᠠᠯ᠎ᠠ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ  ᠤ ᠶᠡᠷᠦᠩᠬᠡᠢ ᠦᠷᠳᠡᠭ ᠨᠢᠳᠤᠨᠤᠨ ᠤ ᠠᠳᠠᠯᠢ ᠬᠤᠭᠤᠴᠠᠭᠠᠨ  ᠤ ᠬᠢ ᠠᠴᠠ ᠨᠡᠮᠡᠭᠳᠡᠯ ᠲᠠᠢ ᠪᠤᠯᠤᠭᠰᠠᠨ ᠪᠠᠶᠢᠨ᠎ᠠ᠃      ᠭᠤᠸᠠᠩᠳᠦ᠋ᠩ ᠮᠤᠵᠢ  ᠶᠢᠨ ᠱᠧᠨᠵᠧᠨ  ᠳᠤ᠂ ᠬᠢᠯᠢ ᠠᠯᠤᠰᠯᠠᠭᠰᠠᠨ ᠰᠦᠯᠵᠢᠶᠡᠨ ᠤ ᠠᠷᠠᠯᠵᠢᠶᠠᠨ ᠤ 1 ᠠᠴᠠ 10 ᠳ᠋ᠤᠭᠠᠷ ᠰᠠᠷ᠎ᠠ  ᠶᠢᠨ ᠭᠠᠳᠠᠭᠠᠳᠤ ᠠᠴᠠ ᠤᠷᠤᠭᠤᠯᠵᠦ  ᠭᠠᠳᠠᠭᠠᠳᠤ ᠳᠤ ᠭᠠᠷᠭᠠᠭᠰᠠᠨ ᠬᠡᠮᠵᠢᠶ᠎ᠠ ᠨᠢᠭᠡᠨᠳᠡ ᠨᠢᠳᠤᠨᠤᠨ ᠤ ᠪᠥᠬᠦ ᠵᠢᠯ ᠤᠨ ᠬᠢ ᠠᠴᠠ ᠲᠠᠪᠠᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 76.48  ᠪᠠᠷ ᠨᠡᠮᠡᠭᠳᠡᠭᠰᠡᠨ ᠪᠠᠶᠢᠨ᠎ᠠ᠃ ᠾᠧᠨᠠᠨ ᠮᠤᠵᠢ ᠶᠢᠨ ᠺᠠᠶᠢᠹᠧᠩ ᠳᠤ᠂ ᠡᠨᠡ ᠤᠨ ᠤ ᠲᠦᠷᠦᠬᠦᠤ ᠠᠷᠪᠠᠨ ᠰᠠᠷ᠎ᠠ ᠳᠤ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠭᠠᠳᠠᠭᠠᠳᠤ ᠠᠴᠠ ᠤᠷᠤᠭᠤᠯᠵᠦ ᠭᠠᠷᠭᠠᠭᠰᠠᠨ ᠠᠷᠠᠯᠵᠢᠶᠠᠨ ᠤ ᠦᠷᠳᠡᠭ 85 ᠳ᠋ᠦᠩᠰᠢᠭᠤᠷ 1000 ᠲᠦᠮᠡᠨ ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 70.4  ᠪᠠᠷ ᠨᠡᠮᠡᠭᠳᠡᠵᠠᠢ᠃ ᠬᠠᠷᠠᠮᠦ᠋ᠷᠡᠨ ᠮᠤᠵᠢ ᠶᠢᠨ ᠴᠢᠯᠦᠭᠡᠳᠤ ᠠᠷᠠᠯᠵᠢᠶᠠᠨ ᠤ ᠲᠤᠷᠰᠢᠯᠳᠠ ᠶᠢᠨ ᠲᠤᠭᠤᠷᠢᠭ ᠤᠨ ᠾᠸᠢ ᠾᠧ ᠳᠠᠬᠢ ᠲᠤᠭᠤᠷᠢᠭ ᠲᠤ᠂ ᠭᠠᠳᠠᠭᠠᠳᠤ ᠳᠠᠬᠢ ᠬᠦᠮᠦᠷᠭᠡ ᠂ ᠬᠢᠯᠢ ᠲᠡᠭᠡᠷᠡᠬᠢ ᠬᠦᠮᠦᠷᠭᠡ᠂ ᠲᠤᠮᠳᠠ ᠲᠠᠮᠵᠢᠯᠭ᠎ᠠ ᠶᠢᠨ ᠬᠦᠮᠦᠷᠭᠡ ᠵᠡᠷᠭᠡ  ᠶᠢ ᠤᠶᠠᠯᠳᠤᠭᠤᠯᠤᠭᠰᠠᠨ ︽ᠤᠯᠠᠨ ᠬᠦᠮᠦᠷᠭᠡ  ᠶᠢ ᠬᠤᠯᠪᠤᠬᠤ︾ ᠲᠤᠭᠳᠠᠴᠠ ᠶᠢ ᠪᠦᠷᠢᠯᠳᠦᠬᠦᠯᠵᠦ᠂ ᠠᠷᠠᠯᠵᠢᠶᠠᠨ ᠤ ᠬᠡᠮᠵᠢᠶ᠎ᠠ  ᠶᠢ ᠲᠦᠷᠭᠡᠨ ᠨᠡᠮᠡᠭᠳᠡᠬᠦᠯᠦᠭᠰᠡᠨ ᠪᠠᠶᠢᠨ᠎ᠠ᠃ ᠵᠢᠶᠠᠩᠰᠤ ᠮᠤᠵᠢ ᠳᠤ᠂ ᠭᠠᠳᠠᠭᠠᠳᠤ ᠠᠷᠠᠯᠵᠢᠶᠠᠨ  ᠤ ︽ᠰᠢᠨ᠎ᠡ ᠭᠤᠷᠪᠠᠨ ᠲᠦᠷᠦᠯ︾  ᠤᠨ ᠭᠠᠳᠠᠭᠠᠳᠤ ᠭᠠᠷᠭᠠᠯᠳᠠ ᠦᠷᠬᠦᠯᠵᠢᠯᠡᠨ ᠲᠡᠷᠢᠬᠦᠯᠡᠵᠦ᠂ ᠲᠦᠷᠦᠬᠦᠤ ᠠᠷᠪᠠᠨ ᠰᠠᠷ᠎ᠠ ᠶᠢᠨ ᠭᠠᠳᠠᠭᠠᠳᠤ ᠭᠠᠷᠭᠠᠯᠳᠠ  ᠨᠢ ᠵᠠᠭᠤᠨ  ᠤ 16.2  ᠢᠶᠠᠷ ᠨᠡᠮᠡᠭᠳᠡᠭᠰᠡᠨ ᠪᠠᠶᠢᠨ᠎ᠠ᠃      ᠡᠬᠦᠨ ᠠᠴᠠ ᠭᠠᠳᠠᠨ᠎ᠠ᠂ ᠮᠠᠨ  ᠤ ᠤᠯᠤᠰ ᠤᠨ ᠭᠠᠳᠠᠭᠠᠳᠤ ᠠᠷᠠᠯᠵᠢᠶᠠᠨ ᠤ ᠬᠦᠭᠵᠢᠯᠳᠡ ᠶᠢᠨ ᠢᠳᠡᠪᠬᠢᠲᠠᠢ ᠬᠦᠴᠤᠨ ᠵᠦᠢᠯ ᠲᠠᠰᠤᠷᠠᠯᠳᠠ ᠦᠬᠡᠢ ᠬᠤᠷᠠᠮᠳᠤᠵᠠᠢ᠃ ᠮᠠᠰᠢᠨ ᠴᠠᠬᠢᠯᠭᠠᠨ᠂ ᠦᠨᠳᠤᠷ ᠰᠢᠨ᠎ᠡ ᠮᠡᠷᠭᠡᠵᠢᠯ ᠵᠡᠷᠭᠡ ᠭᠤᠤᠯᠳᠠᠯᠭ᠎ᠠ ᠲᠠᠢ ᠦᠢᠯᠡᠳᠬᠦᠨ ᠢ ᠭᠠᠳᠠᠭᠠᠳᠤ  ᠳᠤ ᠭᠠᠷᠭᠠᠵᠦ ᠭᠠᠳᠠᠭᠠᠳᠤ ᠠᠴᠠ ᠤᠷᠤᠭᠤᠯᠬᠤ ᠠᠷᠠᠯᠵᠢᠶ᠎ᠠ ᠮᠠᠰᠢ ᠰᠠᠶᠢᠨ ᠪᠤᠯᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ  ᠤ ᠪᠦᠳᠦᠴᠡ ᠶᠢ ᠲᠠᠰᠤᠷᠠᠯᠳᠠ ᠦᠬᠡᠢ ᠰᠢᠯᠢᠳᠡᠭᠵᠢᠬᠦᠯᠵᠠᠢ᠃ ᠲᠠᠬᠢᠪᠠᠯ ︽ᠨᠢᠭᠡ ᠪᠦᠰᠡ ᠨᠢᠭᠡ ᠵᠠᠮ︾  ᠢ ᠬᠠᠮᠳᠤᠪᠠᠷ ᠪᠠᠶᠢᠭᠤᠯᠬᠤ ᠤᠯᠤᠰ᠂ ᠵᠡᠬᠦᠨ ᠡᠮᠦᠨᠡᠳᠤ ᠠᠽᠢᠶ᠎ᠠ  ᠶᠢᠨ ᠤᠯᠤᠰ ᠲᠠᠢ ᠪᠠᠶᠢᠬᠤ ᠠᠷᠠᠯᠵᠢᠶ᠎ᠠ ᠨᠡᠯᠢᠶᠡᠳ ᠲᠦᠷᠭᠡᠨ ᠨᠡᠮᠡᠭᠳᠡᠵᠦ᠂ ᠠᠷᠠᠯᠵᠢᠶᠠᠨ  ᠤ ᠵᠠᠬ᠎ᠠ ᠲᠡᠯᠭᠡᠬᠦᠷ ᠢ ᠤᠯᠠᠨ ᠶᠠᠩᠵᠤᠴᠢᠯᠠᠬᠤ ᠠᠬᠢᠴᠠ ᠲᠠᠰᠤᠷᠠᠯᠳᠠ ᠦᠬᠡᠢ ᠠᠬᠢᠭᠰᠠᠨ ᠪᠠᠶᠢᠨ᠎ᠠ᠃      ᠡᠨᠡ ᠤᠨ ᠤ ᠨᠢᠭᠡ᠂ ᠬᠤᠶᠠᠷ᠂ ᠭᠤᠷᠪᠠᠳᠤᠭᠠᠷ ᠤᠯᠠᠷᠢᠯ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ  ᠤ ᠶᠡᠷᠦᠩᠬᠡᠢ ᠦᠷᠳᠡᠭ ᠲᠤᠰ ᠲᠤᠰ 9 ᠲᠦᠮᠡ 7200 ᠳ᠋ᠦᠩᠰᠢᠭᠤᠷ ᠲᠦᠬᠦᠷᠢᠭ᠂ 10 ᠲᠦᠮᠡ 2900  ᠳ᠋ᠦᠩᠰᠢᠭᠤᠷ ᠲᠦᠬᠦᠷᠢᠭ ᠪᠠ10 ᠲᠦᠮᠡ 7900  ᠳ᠋ᠦᠩᠰᠢᠭᠤᠷ ᠲᠦᠬᠦᠷᠢᠭ  ᠲᠤ ᠬᠦᠷᠴᠦ᠂ ᠭᠠᠳᠠᠭᠠᠳᠤ ᠠᠷᠠᠯᠵᠢᠶᠠᠨ  ᠤ ᠬᠡᠪᠴᠢᠶ᠎ᠠ ᠤᠯᠠᠷᠢᠯ ᠲᠠᠷᠠᠭᠠᠯᠠᠨ ᠨᠡᠮᠡᠭᠳᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号