ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ︽ᠠᠷᠠᠳ ᠤᠨ ᠵᠣᠪᠠᠨᠢᠯ ᠢ ᠰᠢᠢᠳᠪᠦᠷᠢᠯᠡᠵᠦ︾ ᠣᠯᠠᠨ ᠲᠦᠮᠡᠨ ᠳᠤ ︽ᠵᠠᠢ ᠵᠠᠪᠰᠠᠷ ᠦᠭᠡᠢ︾ ᠦᠢᠯᠡᠴᠢᠯᠡᠶ᠎ᠡ
ᠨᠡᠶᠢᠲᠡᠯᠡᠭᠰᠡᠨ ᠴᠠᠭ᠄
2023/11/3
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠦᠸᠠᠨ ᠰᠢᠶᠠᠨ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ︾ ᠶᠢ ᠬᠡᠷᠡᠭᠵᠢᠭᠦᠯᠬᠦ ᠪᠠᠷ ᠭᠤᠣᠯ ᠰᠡᠳᠦᠪᠲᠦ ᠬᠥᠮᠦᠵᠢᠯ ᠤᠨ ᠴᠢᠬᠤᠯᠠ ᠦᠢᠯᠡᠳᠦᠯᠭᠡ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠲᠣᠯᠢᠳᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠢᠵᠦ᠂ ᠤᠨᠢᠨ ᠳᠡᠭᠡᠷ᠎ᠡ ᠨᠢ ᠠᠰᠠᠭᠤᠳᠠᠯ ᠢ ᠰᠢᠢᠳᠪᠦᠷᠢᠯᠡᠵᠦ᠂ ᠪᠦᠲᠦᠮᠵᠢᠲᠡᠢ ᠪᠠᠷ ᠠᠰᠠᠭᠤᠳᠠᠯ ᠢ ᠵᠠᠳᠠᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ ᠢ ︽ᠤᠴᠢᠷ ᠪᠦᠬᠦᠨ ᠬᠠᠷᠢᠭᠤᠯᠲᠠ ᠲᠠᠢ᠂ ᠤᠴᠢᠷ ᠪᠦᠬᠦᠨ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠵᠥᠷᠢᠴᠡᠯ ᠢ ᠬᠤᠷᠢᠭᠯᠠᠬᠤ᠂ ᠤᠯᠠᠨ ᠲᠦᠮᠡᠨ ᠤ ᠰᠡᠳᠬᠢᠯ ᠢ ᠵᠣᠪᠠᠭᠠᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠪᠡ᠃      ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠴᠣᠩᠬᠤ ᠶᠢ ᠤᠷᠤᠭᠰᠢ ᠰᠢᠯᠵᠢᠭᠦᠯᠵᠦ᠂ ︽ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠬᠦ︾ ᠶᠢ ︽ᠤᠯᠠᠨ ᠲᠦᠮᠡᠨ ᠢ ᠬᠠᠪᠰᠤᠷᠤᠨ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠦᠴᠦᠸᠠᠨ ᠰᠢᠶᠠᠨ ᠳᠤ 1 ᠲᠥᠪ᠂ 9 ᠣᠷᠣᠯᠠᠨ ᠭᠦᠢᠴᠡᠳᠬᠡᠬᠦ ᠦᠷᠳᠡᠭᠡ᠂ 104 ᠣᠷᠣᠯᠠᠨ ᠭᠦᠢᠴᠡᠳᠬᠡᠬᠦ ᠴᠡᠭ᠂ 551 ᠣᠷᠣᠯᠠᠨ ᠭᠦᠢᠴᠡᠳᠭᠡᠭᠴᠢ ᠭᠠᠷᠭᠠᠵᠤ᠂ ᠤᠯᠠᠨ ᠲᠦᠮᠡᠨ ᠬᠤᠯᠪᠣᠭᠳᠠᠯ ᠪᠦᠬᠦᠢ ᠠᠰᠠᠭᠤᠳᠠᠯ ᠳᠤ ᠲᠤᠯᠭᠠᠷᠠᠬᠤ ᠦᠶ᠎ᠡ ᠳᠤ᠂ ᠤᠯᠠᠨ ᠢᠶᠠᠷ ᠢᠶᠠᠨ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠤᠳᠤᠯᠤᠨ ᠵᠠᠳᠠᠯᠵᠤ᠂ ᠲᠤᠬᠠᠢ ᠶᠢᠨ ᠬᠥᠮᠥᠨ ᠤ ᠵᠥᠷᠢᠴᠡᠯ ᠢ ᠢᠳᠡᠪᠬᠢᠲᠡᠢ ᠪᠠᠷ ᠡᠶᠡᠳᠡᠭᠦᠯᠵᠦ᠂ ᠵᠦᠢ ᠵᠣᠬᠢᠰᠲᠠᠢ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠨ᠎ᠠ᠃      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠦᠴᠦᠸᠠᠨ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠲᠥᠪ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠳᠤᠷᠢᠳᠬᠤ ᠺᠠᠳ᠋ᠷᠴᠤᠳ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ ᠪᠠ ᠬᠡᠷᠡᠭ ᠢ ᠳᠠᠭᠠᠭᠠᠴᠢᠯᠠᠬᠤ ᠳᠦᠷᠢᠮ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠶᠡᠭᠡ ᠪᠠᠷ ᠬᠡᠷᠡᠭᠵᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠪᠡ᠃      ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠨᠠᠨ ᠹᠠᠩ ᠽᠢ ᠲᠣᠰᠬᠤᠨ ᠤ ᠠᠷᠠᠳ ᠯᠢ ᠱᠧᠦ ᠴᠧᠩ ᠨᠠᠰᠤ ᠠᠬᠠᠰᠢᠷᠠᠵᠤ ᠪᠡᠶ᠎ᠡ ᠮᠠᠭᠤᠳᠠᠭᠠᠳ ᠬᠥᠳᠡᠯᠮᠦᠷᠢᠯᠡᠬᠦ ᠴᠢᠳᠠᠪᠤᠷᠢ ᠦᠭᠡᠢ ᠮᠥᠷᠲᠡᠭᠡᠨ ᠠᠮᠢᠳᠤᠷᠠᠯ ᠤᠨ ᠢᠷᠡᠯᠲᠡ ᠦᠭᠡᠢ ᠪᠠᠶᠢᠵᠤ᠂ ᠦᠷ᠎ᠡ ᠬᠡᠦᠬᠡᠳ ᠨᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠭᠰᠡᠨ ᠦᠭᠡᠢ᠂ ᠨᠠᠰᠤᠲᠠᠨ ᠢᠶᠠᠨ ᠠᠴᠢᠯᠠᠨ ᠲᠡᠵᠢᠭᠡᠬᠦ ᠦᠭᠡᠢ ᠪᠠᠶᠢᠬᠤ ᠶᠢ ᠲᠣᠰᠬᠤᠨ ᠤ ᠠᠷᠠᠳ ᠤᠨ ᠵᠥᠪᠯᠡᠯ ᠳᠤ ᠲᠤᠰᠬᠠᠪᠠ᠃      ᠯᠢ ᠱᠧᠦ ᠴᠧᠩ ᠨᠠᠰᠤᠲᠠᠨ ᠤ ᠬᠦᠰᠡᠯ ᠱᠠᠭᠠᠷᠳᠠᠯᠭ᠎ᠠ ᠶᠢ ᠮᠡᠳᠡᠭᠰᠡᠨ ᠤ ᠲᠠᠷᠠᠭ᠎ᠠ᠂ ᠰᠢᠶᠠᠩ ᠲᠣᠰᠬᠤᠨ ᠤ ᠬᠤᠶᠠᠷ ᠱᠠᠲᠤᠨ ᠤ ᠺᠠᠳ᠋ᠷ ᠲᠡᠷᠡ ᠳᠠᠷᠤᠢ ᠳᠤᠨᠢ ᠲᠣᠰᠬᠤᠨ ᠳᠤ ᠬᠦᠷᠴᠦ ᠪᠠᠶᠢᠳᠠᠯ ᠢ ᠣᠶᠢᠯᠠᠭᠠᠵᠤ᠂ ᠯᠢ ᠱᠧᠦ ᠴᠧᠩ ᠨᠠᠰᠤᠲᠠᠨ ᠤ ᠲᠤᠰᠬᠠᠭᠰᠠᠨ ᠠᠰᠠᠭᠤᠳᠠᠯ ᠤᠨ ᠦᠨᠡᠨ ᠪᠣᠳᠠᠲᠠᠢ ᠪᠣᠯᠬᠤ ᠶᠢ ᠣᠯᠵᠤ ᠮᠡᠳᠡᠭᠰᠡᠨ ᠤ ᠬᠠᠮᠲᠤ ᠲᠤᠰ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠶᠠᠩ ᠤᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠦᠢᠯᠡᠰ ᠲᠤ ᠵᠢᠭᠰᠠᠭᠠᠨ ᠣᠷᠣᠭᠤᠯᠵᠤ᠂ ᠲᠡᠷᠡ ᠳᠠᠷᠤᠢ ᠳᠤᠨᠢ ᠰᠢᠶᠠᠩ ᠲᠣᠰᠬᠤᠨ ᠤ ᠬᠤᠶᠠᠷ ᠱᠠᠲᠤᠨ ᠤ ᠣᠷᠣᠯᠠᠨ ᠭᠦᠢᠴᠡᠳᠭᠡᠭᠴᠢ ᠪᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠤᠨ ᠪᠦᠷᠢᠯᠳᠦᠭᠦᠨ᠂ ᠲᠣᠰᠬᠤᠨ ᠳᠤ ᠰᠠᠭᠤᠭ᠎ᠠ ᠬᠠᠤᠯᠢᠴᠢ ᠶᠢ ᠰᠣᠩᠭᠤᠨ ᠲᠤᠰᠬᠠᠢ ᠠᠩᠭᠢ ᠪᠦᠷᠢᠯᠳᠦᠭᠦᠯᠵᠦ ᠵᠣᠬᠢᠴᠠᠭᠤᠯᠤᠨ ᠰᠢᠢᠳᠪᠦᠷᠢᠯᠡᠪᠡ᠃ ᠣᠷᠣᠯᠠᠨ ᠭᠦᠢᠴᠡᠳᠭᠡᠭᠴᠢ ᠪᠠ ᠲᠣᠰᠬᠤᠨ ᠤ ᠬᠠᠤᠯᠢᠴᠢ ᠪᠠᠷ ᠳᠠᠮᠵᠢᠭᠤᠯᠤᠨ ᠯᠢ ᠱᠧᠦ ᠴᠧᠩ ᠤᠨ ᠥᠬᠢᠨ ᠯᠢᠦ ᠭᠠᠢ ᠫᠢᠩ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠳᠤ ᠲᠣᠳᠣᠷᠬᠠᠢ ᠲᠣᠭᠲᠠᠭᠠᠭᠰᠠᠨ ᠠᠴᠢᠯᠠᠨ ᠲᠡᠵᠢᠭᠡᠬᠦ ᠡᠭᠦᠷᠭᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ ᠲᠠᠶᠢᠯᠪᠤᠷᠢᠯᠠᠯᠲᠠ ᠬᠢᠵᠣ ᠰᠤᠷᠭᠠᠨ ᠬᠥᠮᠥᠵᠢᠭᠦᠯᠵᠦ ᠬᠥᠲᠥᠯᠥᠨ ᠵᠢᠯᠣᠭᠤᠳᠪᠠ᠃ ᠡᠴᠦᠰ ᠲᠡᠭᠡᠨ ᠣᠷᠣᠯᠠᠨ ᠭᠦᠢᠴᠡᠳᠭᠡᠭᠴᠢ ᠶᠢᠨ ᠡᠶᠡᠳᠡᠭᠦᠯᠭᠡ ᠪᠠᠷ ᠨᠠᠰᠤᠲᠠᠨ ᠤ ᠦᠷ᠎ᠡ ᠬᠡᠦᠬᠡᠳ ᠨᠢ ᠨᠠᠰᠤᠲᠠᠨ ᠢᠶᠠᠨ ᠠᠴᠢᠯᠠᠨ ᠲᠡᠵᠢᠭᠡᠬᠦ ᠡᠭᠦᠷᠭᠡ ᠪᠠᠨ ᠦᠷᠭᠦᠯᠵᠢᠯᠡᠨ ᠭᠦᠢᠴᠡᠳᠬᠡᠬᠦ ᠶᠢ ᠵᠥᠪᠰᠢᠶᠡᠷᠡᠵᠦ᠂ ᠨᠠᠰᠤᠲᠠᠨ ᠳᠤ ᠠᠴᠢᠯᠠᠨ ᠲᠡᠵᠢᠭᠡᠬᠦ ᠵᠠᠷᠤᠳᠠᠯ 8 ᠲᠦᠮᠡᠨ ᠲᠥᠭᠦᠷᠢᠭ ᠥᠭᠬᠦ ᠶᠢ ᠵᠥᠪᠰᠢᠶᠡᠷᠡᠭᠰᠡᠨ ᠪᠥᠭᠡᠳ ᠡᠶᠡᠳᠡᠭᠦᠯᠭᠡ ᠶᠢᠨ ᠬᠡᠯᠡᠯᠴᠡᠭᠡᠷ ᠲᠣᠭᠲᠠᠭᠠᠵᠠᠢ᠃      ᠬᠤᠶᠢᠰᠢᠳᠠ᠂ ᠦᠴᠦᠸᠠᠨ ᠰᠢᠶᠠᠨ ᠣᠷᠣᠯᠠᠨ ᠭᠦᠢᠴᠡᠳᠬᠡᠬᠦ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠭᠦᠨᠵᠡᠭᠡᠢ ᠬᠡᠷᠡᠭᠵᠢᠭᠦᠯᠦᠨ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ᠄ ᠭᠤᠮᠣᠳᠠᠯ ᠱᠠᠭᠠᠷᠳᠠᠯᠭ᠎ᠠ ᠨᠢ ᠵᠦᠢ ᠵᠣᠬᠢᠰᠲᠠᠢ ᠪᠠᠶᠢᠪᠠᠯ ᠠᠰᠠᠭᠤᠳᠠᠯ ᠢ ᠪᠣᠳᠠᠲᠠᠶᠢᠵᠢᠭᠤᠯᠤᠨ᠎ᠠ︔ ᠶᠣᠰᠣ ᠪᠤᠰᠤ ᠬᠦᠰᠡᠯ ᠱᠠᠭᠠᠷᠳᠠᠯᠭ᠎ᠠ ᠳᠤ ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠤᠨ᠎ᠠ︔ ᠠᠮᠢᠳᠤᠷᠠᠯ ᠨᠢ ᠬᠦᠴᠢᠷᠳᠡᠯᠲᠡᠢ ᠳᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠤᠨ᠎ᠠ︔ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠡᠶᠢᠭᠡᠮ ᠤᠨ ᠵᠥᠷᠢᠴᠡᠯ ᠢ ᠵᠣᠬᠢᠴᠠᠭᠤᠯᠬᠤ ︽ᠨᠠᠮᠬᠠᠳᠬᠠᠭᠤᠷ︾ ᠪᠣᠯᠭᠠᠵᠤ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠤᠰᠬᠠᠬᠤ ᠭᠤᠣᠯ ᠠᠷᠭ᠎ᠠ ᠵᠠᠮ ᠪᠣᠯᠭᠠᠵᠤ᠂ ᠨᠡᠩ ᠴᠤ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ ᠤᠯᠠᠨ ᠲᠦᠮᠡᠨ ᠳᠤ ᠦᠢᠯᠡᠴᠢᠯᠡᠬᠦ ᠶᠢ ᠦᠨᠡᠨᠬᠦ ᠪᠡᠶᠡᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号