ᠦᠴᠦᠸᠠᠨ ᠰᠢᠶᠠᠨ ᠬᠢᠭᠡᠳ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠬᠠᠮᠲᠤᠷᠠᠨ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯ ᠢ ᠠᠬᠢᠭᠤᠯᠬᠤ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2023/11/3
     11 ᠰᠠᠷ᠎ᠠ ᠶᠢᠨ 1 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠪᠦᠯᠬᠦᠮ ᠳᠠᠭᠠᠭᠤᠯᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠳᠤ ᠬᠦᠷᠴᠦ ᠣᠶᠢᠷ᠎ᠠ ᠶᠢᠨ ᠬᠤᠭᠤᠴᠠᠭᠠᠨ ᠤ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠨ ᠵᠣᠯᠭᠠᠭᠤᠯᠵᠤ᠂ ᠡᠭᠦᠨ ᠤ ᠬᠠᠮᠲᠤ ᠮᠠᠨ ᠤ ᠰᠢᠶᠠᠨ ᠤ ᠪᠡᠭᠡᠵᠢᠩ ᠳᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠤᠯ ᠬᠦᠷᠲᠡᠭᠡᠬᠦ ᠬᠡᠰᠡᠭ ᠪᠠᠭᠰᠢ ᠶᠢᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠢᠵᠦ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ᠂ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ ᠴᠢᠦᠢ ᠵᠢᠶᠠᠨ ᠬᠤᠸᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠶᠤᠸᠠᠨ ᠬᠤᠷᠠᠯ ᠳᠤ ᠣᠷᠣᠯᠴᠠᠪᠠ᠃
     ᠶᠠᠷᠢᠯᠴᠠᠬᠤ ᠬᠤᠷᠠᠯ ᠳᠡᠭᠡᠷ᠎ᠡ᠂ ᠪᠡᠭᠡᠵᠢᠩ ᠳᠤ ᠪᠣᠯᠪᠠᠰᠤᠷᠠᠭᠤᠯᠬᠤ ᠪᠠᠷ ᠣᠴᠢᠭᠰᠠᠨ 10  ᠪᠠᠭᠰᠢ ᠶᠢᠨ ᠲᠥᠯᠥᠭᠡᠯᠡᠭᠴᠢ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠡᠰ ᠳᠠᠷᠠᠭᠠᠯᠠᠨ ᠶᠠᠷᠢᠶ᠎ᠠ ᠲᠠᠯᠪᠢᠪᠠ᠂ ᠪᠠᠭᠰᠢ ᠶᠢᠨ ᠲᠥᠯᠥᠭᠡᠯᠡᠭᠴᠢ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠣᠨᠴᠠ ᠳᠡᠰ ᠤᠨ ᠪᠠᠭᠰᠢ ᠪᠣᠯᠣᠨ ᠳ᠋ᠣᠺᠲ᠋ᠣᠷ ᠤᠨ ᠵᠢᠯᠣᠭᠤᠳᠤᠭᠴᠢ ᠪᠠᠭᠰᠢ ᠲᠠᠢ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ ᠵᠢᠴᠢ ᠭᠠᠳᠠᠭᠰᠢ ᠭᠠᠷᠴᠤ ᠰᠤᠳᠤᠯᠤᠨ ᠰᠤᠷᠤᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠰ ᠪᠡᠶ᠎ᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠬᠦ ᠶᠢᠨ ᠬᠠᠮᠲᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠨᠠᠷᠢᠨ ᠨᠢᠮᠪᠠᠢ ᠬᠠᠩᠭᠠᠭᠰᠠᠨ ᠪᠦᠬᠦ ᠲᠠᠯ᠎ᠠ ᠶᠢᠨ ᠰᠤᠷᠤᠯᠴᠠᠯᠭ᠎ᠠ᠂ ᠠᠮᠢᠳᠤᠷᠠᠯ ᠤᠨ ᠲᠣᠬᠢᠷᠠᠭᠤᠯᠤᠯᠲᠠ ᠳᠤ ᠲᠠᠯᠠᠷᠬᠠᠵᠤ᠂ ᠬᠤᠶᠢᠰᠢᠳᠠ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠪᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠢ ᠰᠤᠳᠤᠯᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠪᠡᠯᠡ ᠮᠥᠩᠭᠦ ᠶᠢᠨ ᠳᠡᠮᠵᠢᠯᠭᠡ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤ ᠪᠠᠷ ︽ᠨᠢᠭᠡ ᠴᠣᠭᠴᠠᠵᠢᠭᠤᠯᠤᠭᠰᠠᠨ ᠬᠤᠶᠠᠷ ᠵᠢᠭᠦᠷ ᠬᠤᠣᠰ ᠳᠠᠶᠢᠴᠢᠯᠠᠯᠲᠠ︾ ᠶᠢᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠪᠣᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠦᠵᠦ ᠲᠥᠯᠥᠪᠯᠡᠭᠡ ᠮᠥᠨ᠂ ᠨᠡᠶᠢᠰᠯᠡᠯ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠪᠣᠳᠠᠲᠠᠢ ᠠᠷᠭ᠎ᠠ ᠬᠢᠳᠡᠯ ᠮᠥᠨ᠂ ᠠᠷᠠᠳ ᠤᠯᠠᠨ ᠤ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠲᠠᠯᠪᠢᠭᠰᠠᠨ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠃ ᠪᠡᠭᠡᠵᠢᠩ ᠳᠤ ᠬᠦᠷᠴᠦ ᠪᠣᠯᠪᠠᠰᠤᠷᠠᠭᠤᠯᠤᠯ ᠳᠤ ᠣᠷᠣᠯᠴᠠᠭᠰᠠᠨ ᠪᠦᠬᠦ ᠪᠠᠭᠰᠢ ᠨᠠᠷ ᠲᠠᠨᠢᠯᠲᠠ ᠪᠠᠨ ᠳᠡᠭᠡᠭᠰᠢᠯᠡᠭᠦᠯᠵᠦ᠂ ᠠᠵᠠ ᠲᠣᠬᠢᠶᠠᠯ ᠢ ᠨᠠᠨᠳᠢᠩᠨᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠲᠤᠰ ᠪᠡᠶ᠎ᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︔ ᠥᠨᠥᠳᠥᠷ ᠤᠨ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠠᠯᠠᠮᠵᠢᠯᠠᠯ ᠪᠠ ᠱᠠᠭᠠᠷᠳᠠᠯᠭ᠎ᠠ ᠶᠢ ᠪᠣᠯᠪᠠᠰᠤᠷᠠᠭᠤᠯᠤᠯ ᠳᠤ ᠣᠷᠣᠯᠴᠠᠭᠰᠠᠨ ᠪᠠᠭᠰᠢ ᠨᠢᠭᠡᠪᠦᠷᠢ ᠳᠤ ᠤᠯᠠᠮᠵᠢᠯᠠᠬᠤ ᠶᠢ ᠬᠦᠰᠡᠵᠦ ᠪᠠᠶᠢᠨ᠎ᠠ︔ ᠡᠭᠦᠨ ᠤ ᠬᠠᠮᠲᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠡᠭᠡᠵᠢᠩ ᠳᠤ ᠪᠣᠯᠪᠠᠰᠤᠷᠠᠭᠤᠯᠤᠯ ᠭᠥᠷᠳᠡᠵᠦ ᠪᠠᠶᠢᠭ᠎ᠠ ᠪᠠᠭᠰᠢ ᠨᠠᠷ ᠢ ᠦᠷᠭᠦᠯᠵᠢᠯᠡᠨ ᠠᠩᠬᠠᠷᠴᠤ᠂ ᠪᠠᠲᠤᠯᠠᠭ᠎ᠠ ᠶᠢ ᠰᠠᠶᠢᠲᠤᠷ ᠬᠢᠵᠦ᠂ ᠲᠡᠳᠡᠨ ᠢ ᠰᠠᠨᠠᠭ᠎ᠠ ᠠᠮᠤᠷ ᠰᠤᠷᠤᠯᠴᠠᠵᠤ᠂ ᠰᠠᠨᠠᠭ᠎ᠠ ᠠᠮᠤᠷ ᠠᠵᠢᠯᠯᠠᠵᠤ᠂ ᠰᠠᠨᠠᠭ᠎ᠠ ᠠᠮᠤᠷ ᠠᠮᠢᠳᠤᠷᠠᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠴᠢᠦᠢ ᠵᠢᠶᠠᠨ ᠬᠤᠸᠠ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠰᠤᠷᠠᠯᠲᠠ ᠦᠭᠡᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠪᠡᠭᠡᠵᠢᠩ ᠳᠤ ᠪᠣᠯᠪᠠᠰᠤᠷᠠᠭᠤᠯᠤᠯ ᠬᠢᠵᠦ ᠪᠠᠶᠢᠭ᠎ᠠ ᠪᠠᠭᠰᠢ ᠨᠠᠷ ᠲᠤ ᠪᠦᠬᠦ ᠲᠠᠯ᠎ᠠ ᠶᠢᠨ᠂ ᠤᠯᠠᠨ ᠠᠷᠭ᠎ᠠ ᠵᠠᠮ ᠤᠨ᠂ ᠪᠣᠰᠤᠭ᠎ᠠ ᠴᠣᠭᠴᠠᠲᠤ ᠦᠢᠯᠡᠴᠢᠯᠡᠭᠡ ᠬᠠᠩᠭᠠᠵᠤ᠂ ᠪᠡᠭᠡᠵᠢᠩ ᠳᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠤᠯ ᠬᠢᠵᠦ ᠪᠠᠶᠢᠭ᠎ᠠ ᠪᠠᠭᠰᠢ ᠨᠠᠷ ᠰᠤᠷᠤᠯᠴᠠᠪᠠᠯ ᠣᠯᠣᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠣᠯᠬᠤ ᠶᠢ ᠬᠦᠰᠡᠵᠦ᠂ ᠰᠣᠷᠣᠭᠰᠠᠨ ᠮᠡᠳᠡᠯᠭᠡ ᠪᠠᠨ ᠬᠤᠶᠢᠰᠢᠳᠠ ᠶᠢᠨ ᠠᠵᠢᠯ ᠳᠠᠭᠠᠨ ᠬᠡᠷᠡᠭᠯᠡᠵᠦ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠯᠠᠨ ᠳᠤ ᠲᠠᠯᠪᠢᠵᠤ ᠪᠠᠶᠢᠭ᠎ᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠢᠨ ᠭᠤᠣᠯ ᠰᠡᠳᠦᠪᠲᠦ ᠬᠥᠮᠦᠵᠢᠯ ᠤᠨ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠪᠡᠭᠡᠵᠢᠩ ᠤᠨ ᠨᠡᠷᠡᠲᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠵᠤ᠂ ᠨᠡᠪᠲᠡᠷᠡᠯᠴᠡᠨ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠰᠯᠡᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠭᠤᠷᠪᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠭᠤᠷᠪᠠᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠬᠠᠯᠠᠭᠤᠨ ᠳᠤᠯᠠᠭᠠᠨ᠂ ᠴᠢᠨᠠᠷ ᠰᠠᠶᠢᠲᠠᠢ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号