ᠦᠴᠦᠸᠠᠨ ᠰᠢᠶᠠᠨ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/3
     11 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠱᠣᠸ ᠯᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠵᠢᠶᠧ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠷᠢᠭᠤᠴᠠᠯᠭᠠᠲᠠᠨ ᠲᠣᠰᠬᠤᠨ ᠳᠤ ᠰᠠᠭᠤᠭ᠎ᠠ ᠺᠠᠳ᠋ᠷ ᠤᠨ ᠬᠠᠮᠢᠶᠠᠷᠤᠯᠲᠠ ᠶᠢᠨ ᠲᠣᠭᠤᠷᠢᠨ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠬᠥᠳᠡᠯᠦᠩᠭᠦᠢ ᠪᠠᠷ ᠬᠢᠨᠠᠨ ᠬᠡᠮᠵᠢᠬᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠠᠵᠢᠯ ᠬᠥᠳᠡᠯᠮᠦᠷᠢ ᠬᠢᠵᠦ ᠠᠵᠢᠯ ᠣᠯᠭᠤᠬᠤ᠂ ᠪᠡᠯᠡ ᠮᠥᠩᠭᠦ ᠶᠢᠨ ᠲᠦᠷᠦᠯ ᠵᠦᠢᠯ ᠤᠨ ᠬᠠᠮᠢᠶᠠᠷᠤᠯᠲᠠ᠂ ᠶᠠᠳᠠᠭᠤ ᠠᠴᠠ ᠲᠡᠳᠬᠦᠬᠦ ︵ᠬᠠᠪᠰᠤᠷᠤᠨ ᠲᠡᠳᠬᠦᠬᠦ︶ ᠡᠳ᠋ ᠬᠥᠷᠥᠩᠭᠡ ᠶᠢᠨ ᠬᠠᠮᠢᠶᠠᠷᠤᠯᠲᠠ᠂ ᠶᠠᠳᠠᠭᠤ ᠶᠢ ᠰᠡᠷᠭᠡᠶᠢᠯᠡᠬᠦ ᠳᠠᠭᠠᠳᠬᠠᠯ᠂ ᠪᠦᠯᠬᠦᠮ ᠪᠠᠶᠢᠭᠤᠯᠬᠤ ᠮᠠᠶ᠋ᠢᠭ ᠤᠨ ᠬᠠᠪᠰᠤᠷᠤᠨ ᠲᠡᠳᠬᠦᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠶᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠨᠡᠶᠢᠳᠡᠮ ᠬᠡᠷᠡᠭᠯᠡᠭᠡᠨ ᠤ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠪᠠᠶᠢᠳᠠᠯ ᠢ ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠮᠵᠢ ᠶᠢ ᠪᠠᠲᠤᠳᠬᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ᠂ ᠭᠠᠵᠠᠷ ᠰᠢᠷᠣᠢ ᠶᠢ ᠡᠮᠬᠢᠯᠡᠨ ᠴᠡᠭᠴᠡᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠪᠣᠯᠣᠨ ᠲᠦᠷᠦᠯ ᠵᠦᠢᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠬᠢᠪᠡ᠃      ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠠᠵᠢᠯᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠪᠠ ᠪᠣᠯᠪᠠᠰᠤᠷᠠᠭᠤᠯᠤᠯ ᠳᠤ ᠣᠷᠣᠯᠴᠠᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号