ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠰᠠᠯᠠᠭ᠎ᠠ ᠶᠢᠨ ᠬᠢᠨ ᠮᠠᠨ ᠤ ᠰᠢᠶᠠᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠥᠭᠡᠳ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/3
     ᠣᠨᠴᠠᠭᠠᠶ ᠰᠤᠷᠭᠠᠭᠤᠯᠢ ᠶᠢᠨ ᠬᠡᠦᠬᠡᠳ ᠤᠨ ᠰᠡᠳᠬᠢᠯ ᠢ ᠳᠤᠯᠠᠭᠠᠴᠠᠭᠤᠯᠵᠤ᠂ ᠡᠷᠡᠭᠦᠯ ᠮᠡᠨᠳᠦ ᠶᠢᠨ ᠡᠮᠴᠢᠯᠡᠭᠡ ᠪᠠᠷ ᠦᠰᠦᠨ ᠪᠤᠶᠢᠵᠢᠯᠲᠠ ᠶᠢ ᠳᠡᠮᠵᠢᠵᠦ᠂ ᠣᠨᠴᠠᠭᠠᠶ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠩᠬᠠᠷᠴᠤ᠂ ᠣᠨᠴᠠᠭᠠᠶ ᠬᠡᠦᠬᠡᠳ ᠤᠨ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 11 ᠰᠠᠷ᠎ᠠ ᠶᠢᠨ 1 ᠤ ᠡᠳᠦᠷ᠂ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠮᠠᠨ ᠤ ᠰᠢᠶᠠᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠵᠢᠮᠢᠰ᠂ ᠢᠳᠡᠰᠢᠨ ᠨᠣᠭᠤᠭ᠎ᠠ᠂ ᠦᠨᠢᠶᠡᠨ ᠰᠦ᠋ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠡᠪᠠ᠃
     ᠡᠮᠨᠡᠯᠭᠡ ᠶᠢᠨ ᠰᠠᠯᠠᠭᠠᠨ ᠤ ᠪᠦᠯᠬᠦᠮ ᠨᠢ ᠬᠡᠦᠬᠡᠳ ᠤᠨ ᠬᠠᠷᠠᠭ᠎ᠠ᠂ ᠪᠠᠭᠠᠨ᠎ᠠ ᠨᠢᠷᠤᠭᠤ᠂ ᠰᠢᠳᠦ᠂ ᠥᠰᠦᠯᠲᠡ ᠪᠤᠶᠢᠵᠢᠯᠲᠠ ᠵᠡᠷᠭᠡ ᠲᠠᠯ᠎ᠠ ᠶᠢᠨ ᠪᠠᠶᠢᠴᠠᠭᠠᠯᠲᠠ ᠶᠢ ᠬᠦᠯᠢᠴᠡᠩᠭᠦᠢ ᠪᠠᠷ ᠨᠠᠷᠢᠨ ᠨᠢᠮᠪᠠᠢ ᠬᠢᠵᠦ᠂ ᠬᠡᠦᠬᠡᠳ ᠲᠤ ᠪᠣᠳᠠᠭᠠᠯᠢ ᠪᠡᠶ᠎ᠡ ᠶᠢᠨ᠂ ᠨᠠᠷᠢᠯᠢᠭ ᠣᠨᠣᠪᠴᠢᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠷᠡᠭᠦᠯ ᠮᠡᠨᠳᠦ ᠶᠢ ᠬᠠᠮᠠᠭᠠᠯᠠᠬᠤ ᠰᠠᠨᠠᠭᠤᠯᠭ᠎ᠠ ᠳᠤᠷᠠᠳᠴᠠᠢ᠃ ᠪᠠᠭᠰᠢ ᠠᠴᠠ ᠰᠣᠷᠣᠭᠴᠢ ᠶᠢᠨ ᠭᠡᠷ ᠤᠨ ᠠᠬᠠᠮᠠᠳ ᠲᠤ ᠬᠠᠷᠢᠭᠤ ᠲᠤᠰᠬᠠᠬᠤ ᠪᠠᠷ ᠳᠠᠮᠵᠢᠭᠤᠯᠤᠨ᠂ ᠭᠡᠷ ᠤᠨ ᠠᠬᠠᠮᠠᠳ ᠲᠤ ᠬᠡᠦᠬᠡᠳ ᠤᠨ ᠪᠡᠶ᠎ᠡ ᠮᠠᠬᠠᠪᠤᠳ ᠤᠨ ᠪᠤᠶᠢᠵᠢᠯᠲᠠ ᠵᠡᠷᠭᠡ ᠪᠠᠶᠢᠳᠠᠯ ᠵᠢᠴᠢ ᠬᠤᠶᠢᠰᠢᠳᠠ ᠶᠢᠨ ᠡᠷᠡᠭᠦᠯᠵᠢᠯ ᠤᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠭᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号