ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 29 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/6
     11 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 29 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽2023 ᠣᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︾ ᠢ ᠥᠪᠡᠷ ᠢᠶᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ 2023 ᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠵᠢᠴᠢ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠰᠢᠶᠠᠨ ᠤ ︽ᠬᠥᠬᠡᠬᠤᠲᠠ ᠶᠢᠨ 2023 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ ᠢ ᠪᠠᠲᠤᠯᠠᠬᠤ ᠲᠥᠰᠥᠯ︾ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠤᠭᠤᠰᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠶᠢᠨ ᠬᠦᠨᠳᠦ ᠨᠣᠴᠢᠲᠠᠢ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠬᠥᠪᠴᠢ ᠶᠢ ᠴᠢᠩᠭᠠᠷᠠᠭᠤᠯᠵᠤ᠂ ᠨᠢᠭᠡᠨᠲᠡ ᠪᠦᠷᠢᠯᠳᠦᠭᠰᠡᠨ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠠᠵᠢᠯ ᠤᠨ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠠᠬᠢᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠣᠯᠣᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ ᠢ ᠦᠨᠡᠨᠬᠦ ᠰᠢᠢᠳᠪᠦᠷᠢᠯᠡᠵᠦ᠂ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ᠂ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠵᠡᠷᠭᠡ ᠨᠥᠬᠦᠪᠦᠷᠢ ᠶᠢᠨ ᠲᠦᠷᠦᠯ ᠤᠨ ᠲᠦᠷᠦᠯ ᠵᠦᠢᠯ ᠤᠨ ᠦᠨᠳᠦᠰᠦᠨ ᠵᠦᠢᠯ ᠢ ᠪᠠᠲᠤᠯᠠᠬᠤ ᠶᠢ ᠪᠠᠲᠤᠯᠠᠵᠤ᠂ ᠡᠯ᠎ᠡ ᠲᠦᠷᠦᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号