ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 4 ᠳ᠋ᠦ᠋ᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/6
     11 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 113 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 4 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ 10 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ ᠢᠯᠡᠳᠬᠡᠯ ᠤᠨ  ᠵᠣᠷᠢᠭ ᠰᠠᠨᠠᠭ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠲᠦᠷᠦᠭᠦᠦ ᠭᠤᠷᠪᠠᠨ ᠤᠯᠠᠷᠢᠯ ᠤᠨ ᠮᠠᠨ ᠤ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠳᠤ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠪᠠᠶᠢᠭᠤᠯᠬᠤ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠂ ᠬᠥᠬᠡᠬᠤᠲᠠ ᠪᠣᠯ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠬᠤᠳᠠ ᠪᠣᠯᠣᠨ᠎ᠠ᠂ ᠦᠴᠦᠸᠠᠨ ᠰᠢᠶᠠᠨ ᠬᠥᠬᠡᠬᠤᠲᠠ ᠶᠢᠨ ᠬᠠᠷᠢᠶ᠎ᠠ ᠰᠢᠶᠠᠨ ᠪᠣᠯᠤᠭᠰᠠᠨ ᠤ ᠬᠤᠪᠢ ᠳᠤ᠂ ᠵᠠᠮ ᠬᠠᠷᠢᠯᠴᠠᠭᠠᠨ ᠤ ᠰᠦᠯᠵᠢᠶ᠎ᠡ ᠶᠢ ᠪᠠᠶᠢᠭᠤᠯᠬᠤ ᠪᠠ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ ᠵᠡᠷᠭᠡ ᠠᠵᠢᠯ ᠤᠨ ᠲᠣᠭᠤᠷᠢᠨ ᠳᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠦᠴᠦᠸᠠᠨ ᠳᠤ ᠪᠠᠶᠢᠪᠠᠰᠤ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠶᠢᠨ ᠵᠠᠩᠭᠢᠯᠠᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠣᠳᠣᠬᠠᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠠᠬᠢᠴᠠ᠂ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠵᠤ᠂ ᠠᠵᠢᠯ ᠤᠨ ᠡᠬᠡ ᠲᠠᠩᠰᠠ ᠶᠢᠨ ᠰᠠᠭᠤᠷᠢ ᠲᠤᠭ᠎ᠠ ᠶᠢ ᠴᠠᠭ ᠲᠤᠬᠠᠢ  ᠳᠤᠨᠢ ᠪᠦᠬᠦ ᠲᠠᠯ᠎ᠠ ᠪᠠᠷ ᠡᠵᠡᠮᠰᠢᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠭᠤᠣᠯᠳᠠᠯᠭ᠎ᠠ ᠲᠠᠢ ᠵᠠᠩᠭᠢᠯᠠᠭ᠎ᠠ ᠶᠢᠨ ᠵᠦᠢᠯᠡᠰ ᠢ ᠴᠢᠩᠭ᠎ᠠ ᠠᠩᠬᠠᠷᠴᠤ᠂ ᠳᠤᠲᠠᠭᠤᠳᠠᠯ ᠤᠨ ᠠᠰᠠᠭᠤᠳᠠᠯ᠂ ᠬᠤᠴᠣᠷᠤᠩᠭᠤᠢ ᠭᠦᠢᠴᠡᠳᠬᠡᠬᠦ ᠲᠤᠭ᠎ᠠ ᠳᠤ ᠰᠢᠭᠤᠳ ᠬᠠᠨᠳᠤᠵᠤ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠪᠦᠬᠦ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠦᠴᠦᠸᠠᠨ ᠰᠢᠶᠠᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ︾ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号