ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠰᠢᠯᠭᠠᠬᠤ ᠲᠥᠪ ᠲᠠᠢ | ᠬᠠᠮᠲᠤᠷᠠᠨ ᠪᠦᠭᠦ ᠣᠷᠣᠨ ᠤ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠨᠡᠭᠡᠭᠡᠯᠲᠡ ᠶᠢᠨ | ᠡᠳᠦᠷ ᠤᠨ ᠠᠵᠢᠯᠯᠠᠭ᠎ᠠ ᠶᠠᠪᠤᠭᠳᠠᠭᠤᠯᠵᠤ᠂ ᠪᠦᠭᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠡᠰᠡᠭ ᠲᠤᠷᠰᠢᠯᠲᠠ ᠶᠢᠨ ᠲᠠᠰᠤᠭ ᠣᠯᠠᠨ ᠶᠠᠩᠵᠤ ᠭᠡᠯᠪᠡᠷᠢ ᠶᠢᠨ | ᠰᠢᠷᠢᠰ ᠠᠵᠢᠯᠯᠠᠭ᠎ᠠ ᠥᠷᠨᠢᠭᠦᠯᠦᠨ᠂ ᠨᠡᠶᠢᠭᠡᠮ ᠨᠡᠶᠢᠲᠡ ᠶᠢᠨ ᠬᠢᠨ ᠤ ᠶᠠᠰᠤ ᠴᠢᠨᠠᠷ ᠤᠨ ᠠᠶᠤᠯᠭᠦᠢ ᠶᠢᠨ ᠲᠤᠬᠠᠢ | ᠦᠵᠡᠯ ᠤᠬᠠᠮᠰᠠᠷ ᠪᠣᠯᠣᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ ︽ᠶᠠᠰᠤ ᠴᠢᠨᠠᠷ ᠢ | ᠲᠡᠷᠢᠭᠦᠨ ᠳᠤ ᠲᠠᠯᠪᠢᠬᠤ︾ ᠦᠵᠡᠯ ᠤᠬᠠᠮᠰᠠᠷ ᠢ ᠤᠯᠠᠮ ᠴᠢᠩᠭᠠᠳᠬᠠᠪᠠ᠃ | ᠣᠳᠣᠬᠠᠨ ᠪᠤᠯᠲᠠᠯ᠎ᠠ᠂ ᠪᠦᠭᠦ ᠣᠷᠣᠨ ᠤ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠷᠢᠳ ᠬᠤᠵᠢᠳ ᠠᠵᠤ ᠠᠬᠤᠶᠢᠯᠠᠯ᠂ ᠣᠯᠠᠨ ᠲᠦᠮᠡᠨ ᠤ ᠲᠥᠯᠥᠭᠡᠯᠡᠭᠴᠢ | 2000 ᠭᠠᠷᠤᠢ ᠬᠥᠮᠥᠨ ᠢ ᠤᠷᠢᠵᠤ ᠲᠤᠷᠰᠢᠯᠲᠠ ᠶᠢᠨ ᠲᠠᠰᠤᠭ ᠲᠤ ᠣᠷᠣᠭᠤᠯᠵᠤ᠂ ᠪᠦᠭᠦ ᠣᠷᠣᠨ ᠤ 150 | ᠰᠢᠬᠠᠮ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢ ᠨᠡᠶᠢᠭᠡᠮ ᠳᠤ ᠬᠠᠨᠳᠤᠭᠤᠯᠤᠨ ᠨᠡᠭᠡᠭᠡᠯᠲᠡ | ᠬᠢᠯᠭᠡᠪᠡ᠃ ᠡᠭᠦᠨ ᠢᠶᠠᠷ ᠳᠠᠮᠵᠢᠨ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠤᠨ ᠴᠢᠨᠠᠷ ᠰᠠᠶᠢᠲᠠᠢ | ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠣᠯᠠᠨ ᠲᠦᠮᠡᠨ ᠳᠤ | ᠦᠨᠡᠨ ᠬᠦ ᠮᠡᠳᠡᠷᠡᠭᠦᠯᠪᠡ᠃ | ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢᠨ | ᠬᠢᠨ ᠰᠤᠷᠭᠠᠭᠤᠯᠢ᠂ ᠨᠡᠶᠢᠭᠡᠮ ᠲᠣᠭᠤᠷᠢᠭ᠂ ᠵᠠᠬ᠎ᠠ ᠳᠡᠯᠭᠡᠭᠦᠷ ᠢᠶᠠᠷ ᠭᠦᠨᠵᠡᠭᠡᠶᠢᠷᠡᠨ ᠣᠯᠠᠨ ᠲᠦᠮᠡᠨ ᠳᠤ ᠠᠷᠠᠳ ᠲᠤ | ᠲᠥᠭᠦᠮ ᠦᠵᠡᠭᠦᠯᠭᠦ ᠦᠢᠯᠡᠴᠢᠯᠡᠭᠡ ᠬᠠᠩᠭᠠᠪᠠ᠃ ᠬᠢᠩᠭᠠᠨ ᠠᠶᠢᠮᠠᠭ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ | ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠬᠢᠨ ᠨᠢᠳᠦᠨ ᠰᠢᠯ ᠪᠠ ᠴᠢᠰᠤᠨ ᠳᠠᠷᠤᠯᠲᠠ ᠶᠢᠨ ᠬᠡᠮᠵᠢᠭᠦᠷ ᠢ ᠰᠦᠢᠳᠬᠡᠯ | ᠬᠤᠷᠢᠶᠠᠬᠤ ᠦᠭᠡᠢ ᠪᠠᠷ ᠰᠢᠯᠭᠠᠨ ᠪᠠᠶᠢᠴᠠᠭᠠᠬᠤ ᠶᠢᠨ ᠬᠠᠮᠲᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ ᠭᠦᠨᠵᠡᠭᠡᠶᠢᠷᠡᠵᠦ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠰᠦᠢᠳᠬᠡᠯ ᠬᠤᠷᠢᠶᠠᠬᠤ | ᠦᠭᠡᠢ ᠪᠠᠷ 450 ᠮᠠᠰᠢᠨ ︵ᠲᠣᠨᠤᠭ︶ ᠳᠤ ᠪᠠᠶᠢᠴᠠᠭᠠᠯᠲᠠ ᠬᠢᠵᠦ ᠥᠭᠪᠡ᠂ ᠤᠯᠠᠭᠠᠨᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠶᠢ ︽ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠳᠤ ᠭᠦᠨᠵᠡᠭᠡᠶᠢᠷᠡᠨ | ᠰᠤᠷᠤᠬᠴᠢᠳ ᠲᠤ ᠪᠡᠶ᠎ᠡ ᠶᠢᠨ ᠪᠠᠶᠢᠴᠠᠭᠠᠯᠲᠠ ᠬᠢᠵᠦ ᠥᠭᠪᠡ᠂ ᠤᠯᠠᠭᠠᠨᠬᠠᠳᠠ ᠬᠤᠲᠠ ᠶᠢᠨ ᠰᠢᠯᠭᠠᠨ ᠪᠠᠶᠢᠴᠠᠭᠠᠬᠤ | ᠠᠵᠢᠯᠲᠠᠳ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠣᠯᠠᠨ ᠲᠦᠮᠡᠨ ᠤ ᠬᠡᠷᠡᠭᠯᠡᠵᠦ ᠪᠠᠶᠢᠭ᠎ᠠ ᠪᠡᠶ᠎ᠡ ᠶᠢᠨ | ᠬᠦᠨᠳᠦ ᠶᠢᠨ ᠵᠢᠩᠯᠡᠭᠦᠷ᠂ ᠴᠢᠰᠤᠨ ᠳᠠᠷᠤᠯᠲᠠ ᠶᠢᠨ ᠬᠡᠮᠵᠢᠭᠦᠷ᠂ ᠨᠢᠳᠦᠨ ᠰᠢᠯ᠂ ᠠᠯᠲᠠ ᠮᠥᠩᠭᠦᠨ ᠤ ᠵᠠᠰᠠᠯ ᠵᠢᠮᠰᠡᠭ | ᠵᠡᠷᠭᠡ ᠡᠳᠦᠷ ᠲᠤᠲᠤᠮ ᠤᠨ ᠬᠡᠷᠡᠭᠯᠡᠭᠡᠨ ᠤ ᠵᠦᠢᠯ ᠳᠤ ᠰᠦᠢᠳᠬᠡᠯ ᠬᠤᠷᠢᠶᠠᠬᠤ ᠦᠭᠡᠢ ᠪᠠᠷ ᠰᠢᠯᠭᠠᠨ ᠪᠠᠶᠢᠴᠠᠭᠠᠯᠲᠠ | ᠬᠢᠵᠦ ᠥᠭᠪᠡ᠃ | ᠲᠤᠰ ᠤᠳᠠᠭᠠᠨ ᠤ ᠭᠡᠯᠪᠡᠷᠢ ᠶᠠᠩᠵᠤ ᠤᠯᠠᠨ᠂ ᠠᠭᠤᠯᠭ᠎ᠠ ᠡᠯᠪᠡᠭ ᠪᠠᠶᠠᠯᠢᠭ ︽ᠨᠡᠭᠡᠭᠡᠯᠲᠡ ᠶᠢᠨ ᠡᠳᠦᠷ︾ ᠤᠨ | ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠬᠢᠭᠡᠳ | ᠨᠡᠶᠢᠭᠡᠮ ᠨᠡᠶᠢᠲᠡ ᠶᠢᠨ ᠬᠤᠭᠤᠷᠣᠨᠳᠣᠭᠢ ᠬᠠᠷᠢᠴᠠᠭ᠎ᠠ ᠶᠢ ᠣᠶᠢᠷᠠᠲᠤᠭᠤᠯᠵᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ | ᠠᠵᠢᠯ ᠤᠨ ᠲᠤᠬᠠᠢ ᠨᠡᠶᠢᠭᠡᠮ ᠤᠨ ᠲᠠᠨᠢᠯᠲᠠ ᠶᠢ ᠳᠡᠭᠡᠭᠰᠢᠯᠡᠭᠦᠯᠦᠨ᠂ ᠡᠭᠦᠨ ᠢᠶᠠᠷ ᠰᠢᠯᠭᠠᠨ ᠪᠠᠶᠢᠴᠠᠭᠠᠵᠤ ᠰᠢᠯᠭᠠᠨ | ᠬᠡᠮᠵᠢᠬᠦ ᠠᠵᠢᠯ ᠲᠥᠷᠥᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ | ᠦᠢᠯᠡᠴᠢᠯᠡᠬᠦ ᠶᠢ ᠠᠬᠢᠭᠤᠯᠪᠠ᠃ | |