ᠡᠨᠡ ᠵᠢᠯ ᠤᠨ 5 ᠰᠠᠷ᠎ᠠ ᠶᠢᠨ 15 ᠤ ᠡᠳᠦᠷ ᠠᠴᠠ ᠡᠬᠢᠯᠡᠵᠦ᠂ ᠭᠦᠭᠡᠬᠤᠲᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ︽ᠭᠦᠭᠡᠬᠤᠳᠠ ᠪᠠᠨ ᠬᠠᠶᠢᠷᠠᠯᠠᠬᠤ︾ App ᠳᠡᠭᠡᠷ᠎ᠡ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ᠭᠠᠷ ᠤᠨ ᠠᠶ᠎ᠠ ᠪᠠᠷ ᠰᠡᠭᠦᠳᠡᠷᠯᠡᠬᠦ︾ ᠴᠢᠳᠠᠮᠵᠢ ᠶᠢ ᠨᠠᠪᠲᠠᠷᠡᠭᠦᠯᠵᠦ᠂ | ︽ᠭᠠᠷ ᠤᠨ ᠠᠶ᠎ᠠ ᠪᠠᠷ ᠰᠡᠭᠦᠳᠡᠷᠯᠡᠬᠦ︾ ᠭᠡᠯᠪᠡᠷᠢ ᠪᠠᠷ ᠳᠠᠮᠵᠢᠭᠤᠯᠤᠨ ᠨᠠᠩ ᠣᠯᠠᠨ ᠬᠥᠮᠥᠰ ᠢ ᠭᠦᠭᠡᠬᠤᠲᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ᠬᠢᠨᠠᠯᠲᠠ ᠲᠠᠯᠪᠢᠭᠴᠢ ᠪᠣᠯᠭᠠᠪᠠ᠃ ᠣᠳᠣᠬᠠᠨ | ᠪᠤᠯᠳᠠᠯ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ︽ᠭᠠᠷ ᠤᠨ ᠠᠶ᠎ᠠ ᠪᠠᠷ ᠰᠡᠭᠦᠳᠡᠷᠯᠡᠬᠦ︾ | ᠲᠠᠪᠴᠠᠩ ᠨᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠬᠡᠷᠡᠭ ᠤᠨ ᠰᠦᠪᠡᠭᠴᠢ ᠶᠢ 33187 ᠬᠤᠷᠢᠶᠠᠨ ᠣᠯᠵᠠᠢ᠃ | ᠵᠢᠯᠤᠭᠤᠳᠬᠤ ᠲᠥᠪ ᠤᠨ ᠠᠵᠢᠯᠲᠠᠨ ᠰᠦᠯᠵᠢᠶᠡᠨ ᠳᠡᠭᠡᠷ᠎ᠡ ᠠᠴᠠ ᠣᠯᠠᠨ ᠲᠦᠮᠡᠨ ᠤ ᠰᠡᠭᠦᠳᠡᠷᠯᠡᠭᠰᠡᠨ ᠸᠢᠳᠢᠤ᠋ | ᠪᠠ ᠵᠢᠷᠤᠭ ᠢ ᠣᠯᠵᠤ ᠦᠵᠡᠭᠰᠡᠨ ᠳᠠᠷᠤᠶᠢᠬᠠᠨ ᠸᠢᠳᠢᠤ᠋ ᠪᠠ ᠵᠢᠷᠤᠭ ᠢ ᠬᠢᠨᠠᠨ ᠬᠠᠷᠭᠤᠭᠤᠯᠤᠭᠠᠳ᠂ ᠰᠢᠢᠳᠬᠡᠬᠦ | ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠵᠠᠮ ᠬᠠᠷᠢᠯᠴᠠᠭᠠᠨ ᠤ ᠴᠠᠭᠳᠠᠭ᠎ᠠ ᠠᠴᠠ ᠰᠢᠢᠳᠬᠡᠬᠦ ᠲᠣᠭᠲᠠᠭᠠᠯ ᠤᠨ | ᠪᠢᠴᠢᠭ ᠭᠠᠷᠭᠠᠵᠤ ᠥᠭᠬᠦ ᠶᠢᠨ ᠬᠠᠮᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ᠲᠠᠪᠴᠠᠩ ᠢᠶᠠᠷ | ᠳᠠᠮᠵᠢᠭᠤᠯᠤᠨ ᠬᠠᠤᠯᠢ ᠠᠴᠠ ᠵᠥᠷᠢᠴᠡᠭᠰᠡᠨ ᠮᠠᠰᠢᠨ ᠲᠡᠷᠭᠡᠨ ᠤ ᠡᠵᠡᠨ ᠳᠤ ᠮᠡᠳᠡᠭᠳᠡᠨ᠎ᠡ ;ᠰᠦᠪᠡᠭᠴᠢ ᠶᠢ ᠤᠯᠠᠮ | ᠴᠢᠨᠠᠭᠰᠢᠳᠠ ᠬᠢᠨᠠᠨ ᠬᠠᠷᠭᠤᠭᠤᠯᠬᠤ ᠴᠢᠬᠤᠯᠠᠲᠠᠢ ᠪᠠᠶᠢᠪᠠᠯ᠂ ᠲᠠᠪᠴᠠᠩ ᠤᠨ ᠠᠵᠢᠯᠲᠠᠨ ᠬᠠᠷᠢᠶ᠎ᠠ ᠣᠷᠣᠨ ᠤ ᠵᠠᠮ | ᠬᠠᠷᠢᠯᠴᠠᠭᠠᠨ ᠤ ᠴᠠᠭᠳᠠᠭ᠎ᠠ ᠳᠤ ᠮᠡᠳᠡᠭᠳᠡᠵᠦ ᠲᠤᠬᠠᠢ ᠶᠢᠨ ᠲᠠᠯᠠᠪᠤᠷ ᠲᠤ ᠬᠦᠷᠴᠦ ᠬᠢᠨᠠᠨ ᠬᠠᠷᠭᠤᠭᠤᠯᠤᠭᠰᠠᠨ ᠤ | ᠳᠠᠷᠠᠭ᠎ᠠ ᠪᠣᠳᠠᠲᠠᠢ ᠪᠠᠶᠢᠳᠠᠯ ᠢ ᠦᠨᠳᠦᠰᠦᠯᠡᠨ ᠰᠢᠢᠳᠬᠡᠯ ᠥᠭᠬᠦ ᠡᠰᠡᠬᠦ ᠶᠢ ᠲᠣᠭᠲᠠᠭᠠᠨ᠎ᠠ᠃ ᠪᠦᠷᠢᠳᠬᠡᠯ ᠢ | ᠦᠨᠳᠦᠰᠦᠯᠡᠪᠡᠯ᠂ ᠡᠮᠦᠨ᠎ᠡ ᠭᠤᠷᠪᠠ ᠳᠤ ᠵᠢᠭᠰᠠᠵᠤ ᠪᠠᠶᠢᠭ᠎ᠠ ᠢᠯᠡᠴᠢᠯᠡᠨ ᠮᠡᠳᠡᠭᠦᠯᠦᠭᠰᠡᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ᠂ ᠬᠠᠤᠯᠢ ᠠᠴᠠ ᠵᠥᠷᠢᠴᠡᠨ ᠮᠠᠰᠢᠨ ᠲᠡᠷᠭᠡ ᠵᠣᠭᠰᠤᠭᠠᠬᠤ᠂ ᠴᠠᠭᠠᠵᠠᠯᠠᠬᠤ ᠲᠡᠮᠳᠡᠭ | ᠢ ᠵᠥᠷᠢᠴᠡᠬᠦ᠂ ᠴᠠᠭᠠᠵᠠᠯᠠᠬᠤ ᠵᠢᠷᠤᠭᠠᠰᠤ ᠶᠢ ᠵᠥᠷᠢᠴᠡᠭᠰᠡᠨ ᠶᠠᠪᠤᠳᠠᠯ ᠪᠠᠶᠢᠵᠤ᠂ ᠲᠤᠰ ᠲᠤᠰ ᠢᠯᠡᠴᠢᠯᠡᠨ | ᠮᠡᠳᠡᠭᠦᠯᠦᠭᠰᠡᠨ ᠮᠡᠳᠡᠭᠡ ᠵᠠᠩᠭᠢ ᠶᠢᠨ ᠪᠦᠭᠦ ᠲᠣᠭᠠᠨ ᠤ 90.37%᠂ 3.38%᠂ 2.23% ᠶᠢ ᠡᠵᠡᠯᠡᠵᠦ | ᠪᠠᠶᠢᠨ᠎ᠠ᠃ | ᠣᠶᠢᠯᠠᠭᠠᠭᠰᠠᠨ ᠢᠶᠠᠷ ︽ᠭᠠᠷ ᠤᠨ ᠠᠶ᠎ᠠ ᠪᠠᠷ ᠰᠡᠭᠦᠳᠡᠷᠯᠡᠬᠦ︾ ᠶᠢ ᠨᠠᠩ ᠰᠠᠶᠢᠨ ᠬᠡᠷᠡᠭᠵᠢᠭᠦᠯᠬᠦ ᠶᠢᠨ | ᠲᠥᠯᠥᠭᠡ᠂ ᠭᠦᠭᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠠᠰᠠ 10 ᠰᠠᠷ᠎ᠠ ᠶᠢᠨ | 5 ᠤ ᠡᠳᠦᠷ ᠨᠡᠶᠢᠭᠡᠮ ᠨᠡᠶᠢᠲᠡ ᠳᠤ ︽ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ | ᠲᠤᠷᠰᠢᠨ ᠬᠡᠷᠡᠭᠵᠢᠭᠦᠯᠬᠦ︶ ︵ᠰᠠᠨᠠᠯ ᠬᠤᠷᠢᠶᠠᠬᠤ ᠨᠣᠣᠷᠠᠭ︶︾ ᠶᠢ ᠨᠡᠶᠢᠲᠡᠯᠡᠵᠦ᠂ ᠢᠯᠡᠴᠢᠯᠡᠨ ᠮᠡᠳᠡᠭᠦᠯᠬᠦ | ᠲᠠᠪᠴᠠᠩ ᠪᠠ ᠬᠠᠤᠯᠢ ᠠᠴᠠ ᠵᠥᠷᠢᠴᠡᠨ ᠮᠠᠰᠢᠨ ᠲᠡᠷᠭᠡ ᠵᠣᠭᠰᠣᠭᠠᠭᠰᠠᠨ ᠠᠴᠠ ᠪᠤᠰᠤᠳ 14 ᠵᠦᠢᠯ ᠤᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠪᠣᠳᠠᠲᠠᠢ ᠲᠥᠷᠥᠯ ᠵᠦᠢᠯ ᠵᠢᠴᠢ ᠱᠠᠩᠨᠠᠬᠤ ᠵᠣᠭᠤᠰ ᠤᠨ ᠲᠤᠭ᠎ᠠ ᠶᠢ | ᠲᠣᠳᠣᠷᠬᠠᠢ ᠲᠣᠭᠲᠠᠭᠠᠵᠠᠢ᠃ | |