ᠮᠠᠨ ᠤ ᠣᠷᠣᠨ ᠨᠢᠭᠡᠳᠦᠭᠡᠷ ᠪᠦᠯᠦᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠳᠤ ᠫᠠᠶᠢᠰᠠ ᠣᠯᠭᠤᠪᠠ
ᠨᠡᠶᠢᠲᠡᠯᠡᠭᠰᠡᠨ ᠴᠠᠭ᠄
2023/11/6
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢᠭᠡᠳᠦᠭᠡᠷ ᠪᠦᠯᠦᠭ ᠤᠨ ᠪᠦᠭᠦ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠪᠣᠯᠣᠨ ᠪᠦᠭᠦ ᠣᠷᠣᠨ ᠤ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠪᠣᠯᠪᠠᠰᠤᠷᠠᠯ ᠤᠨ ᠰᠠᠭᠤᠷᠢᠨ  ᠳᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠪᠦᠭᠦ ᠣᠷᠣᠨ ᠤ 7 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ  ᠰᠠᠭᠤᠷᠢᠨ᠂ ᠬᠥᠯᠥᠨ ᠪᠤᠶᠢᠷ ᠬᠤᠲᠠ ᠶᠢᠨ ᠴᠠᠩ ᠵᠧᠩ ᠡᠷᠡᠭᠦᠯᠵᠢᠯ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠲᠥᠪ ᠵᠡᠷᠭᠡ ᠪᠦᠭᠦ ᠣᠷᠣᠨ ᠤ 9 ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠪᠣᠯᠪᠠᠰᠤᠷᠠᠯ ᠤᠨ ᠰᠠᠭᠤᠷᠢᠨ  ᠳᠤ ᠫᠠᠶᠢᠰᠠ ᠣᠯᠭᠤᠪᠠ᠃      ᠣᠶᠢᠯᠠᠭᠠᠭᠰᠠᠨ ᠢᠶᠠᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠪᠠ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠪᠣᠯᠪᠠᠰᠤᠷᠠᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠣᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠦᠪᠵᠢᠭᠦᠯᠭᠡ ᠳᠤ ᠳᠤᠷᠠᠳᠤᠭᠰᠠᠨ︽ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ︾ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠶᠢᠰᠢᠳᠠ᠂ ᠨᠢᠭᠡᠳᠦᠭᠡᠷ ᠪᠦᠯᠦᠭ ᠤᠨ ᠬᠥᠮᠥᠵᠢᠭᠦᠯᠬᠦ ᠰᠠᠭᠤᠷᠢᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠢᠳᠡᠪᠬᠢᠲᠡᠢ ᠲᠣᠬᠢᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠬᠢᠴᠢᠶᠡᠯ ᠢ ᠨᠡᠭᠡᠭᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮ ᠭᠡᠯᠪᠡᠷᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠪᠦᠭᠦ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠱᠠᠲᠤᠯᠢᠭ ᠮᠠᠶ᠋ᠢᠭ ᠤᠨ ᠬᠥᠮᠥᠵᠢᠭᠦᠯᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号