ᠰᠡᠷᠡᠮᠵᠢᠯᠡ᠂ ᠲᠠᠨ ᠲᠠᠢ ᠸᠢᠳᠢᠣ᠋ ᠪᠠᠷ ᠶᠠᠷᠢᠵᠤ ᠪᠠᠶᠢᠭ᠎ᠠ ᠨᠢ ᠬᠠᠭᠤᠷᠮᠠᠭ ᠬᠥᠮᠥᠨ ᠪᠠᠶᠢᠵᠤ ᠮᠡᠳᠡᠨ᠎ᠡ︕
ᠨᠡᠶᠢᠲᠡᠯᠡᠭᠰᠡᠨ ᠴᠠᠭ᠄
2023/11/6
     ᠣᠶᠢᠷ᠎ᠠ ᠳᠤ᠂ ᠰᠦᠯᠵᠢᠶᠡᠨ ᠳᠡᠭᠡᠷ᠎ᠡ ᠬᠢᠮᠡᠯ ᠣᠶᠤᠨᠯᠢᠭ ᠢᠶᠠᠷ ᠨᠢᠭᠤᠷ ᠢᠶᠠᠨ ᠰᠣᠯᠢᠵᠤ᠂ ᠬᠢᠳᠡᠳ ᠬᠡᠯᠡᠨ ᠤ ᠺᠢᠨᠣ᠋ ᠲᠧᠯᠸᠢᠰ ᠵᠦᠴᠦᠭᠡ ᠶᠢᠨ ᠭᠤᠣᠯ ᠲᠣᠭᠯᠠᠭᠴᠢ ᠠᠩᠭ᠍ᠯᠢ ᠬᠡᠯᠡ ᠪᠠᠷ ᠶᠠᠷᠢᠵᠤ᠂ ᠸᠢᠴᠠᠲ ᠤᠨ ᠵᠢᠵᠢᠭ ᠫᠷᠣᠭ᠍ᠷᠠᠮ ᠢᠶᠠᠷ ᠬᠡᠨ ᠴᠦ ᠺᠢᠨᠣ᠋ ᠶᠢᠨ ᠳᠣᠲᠣᠷᠠᠬᠢ ᠳᠦᠷᠢ ᠪᠤᠯᠵᠦ ᠳᠣᠬᠯᠠᠵᠦ ᠪᠤᠯᠬᠤ ᠰᠢᠨ᠎ᠡ ᠮᠡᠷᠭᠡᠵᠢᠯ ᠨᠢ ᠵᠤᠭ᠎ᠠ ᠴᠡᠩᠭᠡᠯ ᠢ ᠠᠪᠴᠢᠷᠠᠭᠰᠠᠨ ᠤ ᠬᠠᠮᠲᠤ ᠰᠢᠨ᠎ᠡ ᠮᠡᠬᠡᠯᠡᠯ ᠢ ᠴᠦ ᠠᠪᠴᠢᠷᠠᠭᠰᠠᠨ ᠪᠠᠶᠢᠨ᠎ᠠ᠃ ᠥᠨᠥᠬᠡᠨ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠪᠡᠭᠡᠵᠢᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽AI ᠶᠢᠨ ᠨᠢᠭᠤᠷ ᠰᠣᠯᠢᠬᠤ︾ ᠵᠡᠷᠭᠡ ᠰᠢᠨ᠎ᠡ ᠮᠡᠬᠡᠯᠡᠯ ᠠᠴᠠ ᠰᠡᠷᠭᠡᠶᠢᠯᠡᠬᠦ ᠶᠢ ᠰᠠᠨᠠᠭᠤᠯᠪᠠ᠃        ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠳᠤ ᠮᠡᠷᠭᠡᠵᠢᠯ ᠤᠨ ᠳᠡᠮᠵᠢᠯᠭᠡ ᠬᠠᠩᠭᠠᠵᠤ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠠᠴᠠ ᠣᠶᠢᠯᠠᠭᠠᠬᠰᠠᠨ ᠢᠶᠠᠷ᠂ ᠺᠣᠮᠫᠢᠦ᠋ᠲ᠋ᠧᠷ ᠢᠶᠠᠷ10 ᠰᠧᠺᠦ᠋ᠨ᠋ᠳ᠋ ᠤᠨ ᠨᠢᠭᠤᠷ ᠰᠣᠯᠢᠬᠤ ᠳᠦᠷᠰᠦ ᠰᠢᠩᠭᠡᠭᠡᠯᠲᠡ ᠶᠢ  ᠦᠢᠯᠡᠳᠬᠦ ᠳᠤ ᠵᠥᠪᠬᠡᠨ ᠨᠢᠭᠡ ᠬᠤᠶᠠᠷᠬᠠᠨ ᠮᠢᠨᠦ᠋ᠲ ᠯᠡ ᠬᠡᠷᠡᠭᠰᠡᠳᠡᠭ ᠶᠤᠮ ᠪᠠᠶᠢᠨ᠎ᠠ᠃      AI ᠶᠢᠨ ᠮᠡᠷᠭᠡᠵᠢᠯ ᠪᠠᠰᠠ ᠲᠠᠰᠤᠷᠠᠯᠲᠠ ᠦᠭᠡᠢ ᠰᠢᠨᠡᠴᠢᠯᠡᠭᠳᠡᠵᠦ ᠪᠠᠶᠢᠨ᠎ᠠ᠃ ᠵᠢᠱᠢᠶᠡᠯᠡᠪᠡᠯ ᠬᠦᠢᠰᠦ ᠶᠢᠨ ᠢᠯᠭᠠᠯ᠂ ᠳᠠᠭᠤᠨ ᠤ ᠥᠩᠭᠡ ᠶᠢ ᠪᠦᠷ ᠵᠡᠷᠭᠡ ᠪᠠᠷ ᠰᠣᠯᠢᠵᠦ ᠪᠣᠯᠬᠤ ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号