ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠲᠠᠢ ᠬᠠᠮᠲᠤᠷᠠᠨ 2023 ᠣᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/11/7
     ᠭᠠᠯ ᠤᠨᠲᠠᠷᠠᠭᠠᠬᠤ ᠡᠩᠨᠡᠭᠡᠨ ᠤ ᠲᠤᠰᠬᠠᠶᠢᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠢ ᠠᠬᠢᠭᠤᠯᠵᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠦᠴᠦᠸᠠᠨ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠲᠠᠢ ᠬᠠᠮᠲᠤᠷᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ 2023 ᠣᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠪᠡ᠃
     ᠤᠷᠤᠯᠳᠤᠭᠠᠨ ᠳᠤ ︽ᠮᠦᠷᠦᠶᠢᠴᠡᠬᠦ ᠪᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠬᠤ ᠪᠠᠷ ᠪᠣᠯᠪᠠᠰᠤᠷᠠᠯ ᠢ ᠠᠬᠢᠭᠤᠯᠬᠤ᠂ ᠪᠣᠯᠪᠠᠰᠤᠷᠠᠯ ᠢᠶᠠᠷ ᠪᠠᠶᠢᠯᠳᠤᠭᠠᠨ ᠢ ᠠᠬᠢᠭᠤᠯᠬᠤ︾ ᠣᠶᠢᠯᠠᠭᠠᠭᠳᠠᠬᠤᠨ ᠢᠶᠠᠷ ᠣᠨᠣᠯ ᠤᠨ ᠰᠢᠯᠭᠠᠯᠲᠠ᠂ 1500 ᠮᠧᠲᠷ ᠤᠨ ᠬᠦᠨᠳᠦ ᠶᠢ ᠡᠭᠦᠷᠴᠦ ᠬᠡᠭᠡᠷᠡᠯᠡᠨ ᠭᠦᠶᠦᠬᠦ᠂ ᠰᠠᠯᠬᠢᠨ ᠬᠦᠴᠦᠨ ᠤ ᠮᠠᠰᠢᠨ ᠤ ᠪᠣᠳᠠᠲᠠᠶ ᠪᠣᠯᠪᠠᠰᠤᠷᠠᠯ᠂ ᠰᠢᠷᠬ᠎ᠠ ᠶᠢ ᠪᠣᠭᠤᠬᠤ ᠵᠡᠷᠭᠡ ᠳᠥᠷᠪᠡᠨ ᠬᠢᠴᠢᠶᠡᠯ ᠲᠥᠷᠥᠯ ᠢ ᠲᠣᠬᠢᠷᠠᠭᠤᠯᠵᠤ᠂ ᠪᠥᠬᠦ ᠭᠠᠯ ᠤᠨᠲᠠᠷᠠᠭᠠᠭᠴᠢ ᠶᠢᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠠᠵᠢᠯᠯᠠᠬᠤ ᠴᠢᠳᠠᠪᠤᠷᠢ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠪᠠ᠃ ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠬᠠᠮᠤᠭ ᠤᠨ ᠡᠴᠦᠰ ᠤᠨ ᠬᠠᠮᠲᠤ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠵᠢᠷᠭᠤᠳᠤᠭᠠᠷ ᠠᠩᠭᠢ ᠭᠥᠷᠳᠡᠵᠦ᠂ ᠬᠤᠪᠢ ᠬᠥᠮᠥᠨ ᠤ ᠤᠷᠤᠯᠳᠤᠭᠠᠨ ᠳᠤ ᠲᠦᠷᠦᠭᠦᠦ 6 ᠨᠡᠷᠡᠰ ᠲᠤ ᠵᠢᠭᠰᠠᠭᠠᠭᠳᠠᠭᠰᠠᠨ ᠤᠷᠤᠯᠴᠠᠭᠰᠠᠳ ᠲᠤ ᠲᠣᠰ ᠲᠣᠰ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠮᠥᠩᠭᠦ ᠭᠥᠷᠳᠡᠪᠡ᠃      ᠡᠨᠡ ᠤᠳᠠᠭ᠎ᠠ ᠶᠢᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠨᠢ ᠤᠷᠤᠯᠴᠠᠭᠰᠠᠳ ᠤᠨ ᠬᠤᠪᠢ ᠬᠥᠮᠥᠨ ᠤ ᠲᠠᠮᠢᠷ ᠲᠡᠩᠬᠡᠭᠡ᠂ ᠲᠤᠰᠬᠠᠢ ᠮᠡᠷᠭᠡᠵᠢᠯ ᠤᠨ ᠤᠨᠤᠯ ᠤᠨ ᠮᠡᠳᠡᠯᠭᠡ ᠪᠣᠯᠣᠨ ᠲᠣᠨᠣᠭᠯᠠᠯ ᠮᠠᠰᠢᠨ ᠪᠠᠭᠠᠵᠢ ᠶᠢᠨ ᠠᠵᠢᠯᠯᠠᠭ᠎ᠠ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢ ᠪᠦᠲᠦᠮᠵᠢᠲᠡᠢ ᠰᠢᠯᠭᠠᠨ ᠪᠠᠶᠢᠴᠠᠭᠠᠵᠤ᠂ ᠦᠨᠡᠨ ᠪᠣᠳᠠᠲᠠᠢ ᠲᠦᠪᠰᠢᠨ ᠢᠶᠠᠷ ᠡᠩᠨᠡᠭᠡᠨ ᠤ ᠪᠣᠳᠠᠲᠤ ᠬᠦᠴᠦᠨ ᠢ ᠢᠯᠡᠷᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠬᠦ᠂ ᠬᠠᠷᠢᠯᠴᠠᠨ ᠰᠣᠯᠢᠯᠴᠠᠬᠤ᠂ ᠬᠠᠮᠲᠤᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠴᠦ᠂ ᠦᠴᠦᠸᠠᠨ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号