ᠦᠴᠤᠸᠠᠨ ᠰᠢᠶᠠᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ︽ᠲᠥᠪ ᠲᠣᠭᠤᠭᠠᠨ ᠭᠡᠷ︾ ᠤᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/7
     2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠨᠡᠶᠢᠲᠡᠯᠡᠭᠰᠡᠨ ᠤᠷᠢᠳᠴᠢᠯᠠᠨ ᠬᠢᠭᠰᠡᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ  ᠪᠠᠷᠢᠮᠵᠢᠶᠠᠵᠢᠭᠤᠯᠤᠯᠲᠠ᠂ ᠬᠡᠪᠴᠢᠶᠡᠵᠢᠭᠦᠯᠥᠯᠲᠡ᠂ ᠵᠢᠷᠤᠮᠵᠢᠭᠤᠯᠤᠯᠲᠠ᠂ ᠣᠨᠴᠠᠯᠢᠬᠵᠢᠭᠤᠯᠤᠯᠲᠠ ᠶᠢᠨ ᠬᠢᠷᠢ ᠲᠦᠪᠰᠢᠨ ᠢ ᠴᠢᠩᠭᠠᠳᠬᠠᠵᠤ᠂  ᠭᠠᠷᠤᠯᠲᠠ ᠶᠢᠨ ᠣᠷᠣᠨ ᠤ ᠣᠨᠴᠠᠯᠢᠭ ᠪᠥᠬᠦᠶ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠰᠢᠰᠲ᠋ᠧᠮ ᠵᠢᠴᠢ ᠲᠤᠬᠠᠶ ᠶᠢᠨ ᠭᠠᠵᠠᠷ ᠤᠨ ᠲᠥᠪ ᠲᠣᠭᠤᠭᠠᠨ ᠬᠡᠷ ᠢ ᠪᠠᠶᠢᠭᠤᠯᠵᠤ᠂ ᠬᠠᠮᠲᠤ ᠶᠢᠨ ᠬᠤᠭᠤᠯᠠ ᠳᠣᠭᠢᠷᠠᠭᠤᠯᠤᠨ ᠬᠦᠷᠭᠡᠬᠦ ᠬᠦᠷᠢᠶᠡᠨ ᠤ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 3 ᠤ ᠡᠳᠦᠷ᠂ ᠦᠴᠤᠸᠠᠨ ᠰᠢᠶᠠᠨ ᠬᠦᠶ᠋ᠲᠡᠨ ᠬᠡᠯᠬᠢᠶᠡᠲᠦ ᠪᠠᠷᠠᠭᠠᠨ ᠤ ᠭᠦᠶ᠋ᠯᠭᠡᠭᠡᠨ ᠤ ︽ᠲᠥᠪ ᠲᠣᠭᠤᠭᠠᠨ ᠬᠡᠷ︾ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠣᠶᠢᠯᠠᠭᠠᠭᠰᠠᠨ ᠢᠶᠠᠷ᠂ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠢ ᠨᠡᠶᠢᠲᠡᠯᠡᠭᠰᠡᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠭᠤᠣᠯᠳᠠᠯᠭ᠎ᠠ ᠲᠠᠢ ᠴᠢᠭᠯᠡᠯ ᠢ ᠵᠢᠭᠠᠵᠤ᠂ ᠲᠠᠷᠢᠶᠠᠯᠠᠩ ᠢ ᠴᠢᠬᠤᠯᠠᠴᠢᠯᠠᠵᠤ ᠲᠠᠷᠢᠶᠠᠯᠠᠩ ᠢ ᠬᠦᠴᠦᠷᠬᠡᠭᠵᠢᠭᠦᠯᠬᠦ ᠴᠢᠩᠭ᠎ᠠ ᠲᠤᠬᠢᠶ᠎ᠠ ᠶᠢ ᠬᠠᠩᠭᠠᠵᠠᠢ᠂ ᠪᠢᠴᠢᠭ ᠮᠠᠲᠧᠷᠢᠶᠠᠯ ᠳᠤ ︽ᠴᠡᠪᠡᠷ ᠨᠣᠭᠤᠭ᠎ᠠ᠂ ᠲᠥᠪ ᠤᠨ ᠲᠣᠭᠤᠭᠠᠨ ᠭᠡᠷ ᠵᠡᠷᠭᠡ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠳᠤᠷᠠᠳᠴᠠᠢ᠃ ᠲᠣᠰ ᠲᠥᠷᠥᠯ ᠵᠦᠢᠯ ᠳᠤ ᠦᠴᠤᠸᠠᠨ ᠰᠢᠶᠠᠨ ᠤ 10 ᠲᠦᠮᠡᠨ ᠲᠣᠨ ᠤ ᠬᠦᠢᠳᠡᠨ ᠬᠡᠯᠬᠢᠶᠡᠲᠦ ᠪᠠᠷᠠᠭᠠᠨ ᠤ ᠭᠦᠶ᠋ᠯᠭᠡᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠳᠣᠲᠣᠷᠠᠬᠢ ᠨᠢᠭᠡ ᠬᠦᠢᠳᠡᠨ ᠡᠳ᠋ᠰᠢᠭᠦᠯᠭᠡ ᠶᠢᠨ ᠳᠣᠭᠢᠷᠠᠭᠤᠯᠤᠨ ᠬᠦᠷᠭᠡᠬᠦ ᠲᠥᠪ ᠢ ︽ᠲᠥᠪ ᠲᠣᠭᠤᠭᠠᠨ ᠬᠡᠷ︾ ᠪᠣᠯᠭᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠂ ᠪᠠᠷᠢᠯᠭ᠎ᠠ ᠶᠢᠨ ᠲᠠᠯᠠᠪᠠᠶ ᠨᠢ ᠪᠠᠷᠤᠭ 14000 ᠲᠡᠭᠰᠢ ᠳᠥᠷᠪᠡᠯᠵᠢᠨ ᠮᠧᠲᠷ ᠲᠤ ᠬᠦᠷᠴᠡᠶ᠃      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠨᠡᠷ ᠱᠠᠩᠬᠠᠶ ᠶᠢᠨ ᠮᠠᠶ ᠶᠢᠨ ᠳ᠋ᠢ ᠪᠦᠯᠦᠭᠯᠡᠯ ᠤᠨ ᠬᠢᠨᠠᠭᠴᠢᠳ ᠤᠨ ᠵᠥᠪᠯᠡᠯ ᠤᠨ ᠳᠡᠳ᠋ ᠶᠡᠷᠦᠩᠬᠡᠶ ᠵᠠᠬᠢᠷᠤᠯ ᠹᠧᠩ ᠫᠸᠢ ᡁᠢ ᠨᠡᠷ ᠪᠣᠯᠤᠨ ᠰᠢᠨ ᠬᠤᠸᠠ ᠣᠯᠠᠨ ᠤᠯᠤᠰ ᠤᠨ ᠳᠤᠮᠳᠠᠳᠤ ᠤᠯᠤᠰ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠳᠡᠳ᠋ ᠶᠡᠷᠦᠩᠬᠡᠶ ᠵᠠᠬᠢᠷᠤᠯ ᠬᠥ᠋ ᠳ᠋ᠦᠩ ᠶᠤᠸᠠᠨ ᠨᠠᠷ ᠲᠠᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ︽ᠲᠥᠪ ᠲᠣᠭᠤᠭᠠᠨ ᠭᠡᠷ︾ ᠤᠨ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠶ ᠶᠠᠷᠢᠯᠴᠠᠵᠤ ᠰᠣᠯᠢᠯᠴᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠦᠴᠤᠸᠠᠨ ᠰᠢᠶᠠᠨ ᠤ 10 ᠲᠦᠮᠡᠨ ᠲᠣᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠵᠢᠴᠢ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ 2 ᠠᠵᠤ ᠠᠬᠤᠶᠢᠯᠠᠯ ᠮᠠᠨ ᠤ ᠰᠢᠶᠠᠨ ᠳᠤ ᠢᠷᠡᠵᠦ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠬᠢᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠪᠠ᠂ ᠲᠡᠷᠡ ᠢᠯᠡᠷᠬᠡᠶᠢᠯᠡᠬᠦ ᠳᠡᠭᠡᠨ᠂ ︽ᠲᠥᠪ ᠲᠣᠭᠤᠭᠠᠨ ᠭᠡᠷ︾ ᠤᠨ ᠲᠥᠷᠥᠯ ᠵᠦᠢᠯ ᠪᠠᠶᠢᠭᠤᠯᠤᠭᠳᠠᠭᠰᠠᠨ ᠨᠢ ᠮᠠᠨ ᠤ ᠰᠢᠶᠠᠨ ᠤ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠠᠳᠠᠯᠢᠬᠠᠨ ᠢᠶᠠᠷ ᠪᠠᠰᠠ ᠥᠨᠳᠦᠷᠯᠢᠭ ᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠵᠢᠴᠢ ᠡᠳ᠋ᠰᠢᠭᠦᠯᠬᠦ ᠪᠠ ᠦᠢᠯᠡᠳᠬᠦᠨ ᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠵᠢᠷᠤᠮᠵᠢᠭᠤᠯᠬᠤ᠂ ᠣᠨᠴᠠᠯᠢᠬᠵᠢᠭᠤᠯᠤᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠎ᠠ᠂ ᠳᠠᠷᠠᠭᠠᠴᠢ ᠶᠢᠨ ᠠᠯᠬᠤᠮ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ︽ᠲᠥᠪ ᠲᠣᠭᠤᠭᠠᠨ ᠭᠡᠷ︾ ᠢ ᠮᠠᠨ ᠤ ᠰᠢᠶᠠᠨ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠣᠷᠣᠯᠴᠠᠪᠠ᠃                    ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号