︵2023 ᠣᠨ ᠤ 7 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯ ᠢᠶᠠᠷ ᠪᠠᠲᠤᠯᠠᠪᠠ︶ | | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠠ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠮᠤᠷ ᠲᠦᠪᠰᠢᠨ | ᠬᠠᠩᠭᠠᠯᠲᠠ ᠶᠢ ᠠᠬᠢᠭᠤᠯᠬᠤ ᠶᠢᠨ ᠲᠥᠯᠥᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠤᠰ | ᠳᠦᠷᠢᠮ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ | ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠤᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ | ᠪᠤᠯᠭᠠᠵᠤ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ | ᠬᠡᠷᠡᠭᠲᠡᠢ᠃ | ᠳᠥᠷᠪᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭ᠎ᠠ ᠲᠠᠷᠢᠬᠤ ᠳᠤ | ᠬᠥᠷᠥᠰᠥ ᠶᠢ ᠲᠦᠰᠢᠭᠯᠡᠵᠦ᠂ ᠠᠮᠤ ᠪᠤᠳᠠᠭᠠᠨ ᠤ ᠤᠨᠠᠯᠲᠠ ᠳᠤ ᠮᠡᠷᠭᠡᠵᠢᠯ ᠢ ᠲᠦᠰᠢᠭᠯᠡᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ | ᠦᠢᠯᠡᠳᠪᠦᠷᠢᠯᠡᠯ ᠤᠨ ᠠᠷᠭ᠎ᠠ ᠭᠡᠯᠪᠡᠷᠢ᠂ ᠡᠬᠢ ᠪᠠᠶᠠᠯᠢᠭ ᠢ ᠠᠰᠢᠭᠯᠠᠬᠤ ᠠᠷᠭ᠎ᠠ ᠭᠡᠯᠪᠡᠷᠢ᠂ ᠡᠵᠡᠩᠨᠡᠯᠲᠡ ᠶᠢᠨ ᠠᠷᠭ᠎ᠠ | ᠭᠡᠯᠪᠡᠷᠢ᠂ ᠠᠵᠤ ᠦᠢᠯᠡᠰ ᠤᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ | ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠥᠷᠭᠡᠳᠬᠡᠨ᠂ | ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ | ᠬᠡᠷᠡᠭᠲᠡᠢ᠃ | ᠲᠠᠪᠤᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠷᠢᠬᠤ ᠳᠤ ᠲᠣᠬᠢᠷᠠᠪᠠᠯ ᠳᠠᠷᠢᠵᠤ᠂ | ᠲᠡᠵᠢᠭᠡᠬᠦ ᠳᠤ ᠲᠣᠬᠢᠷᠠᠪᠠᠯ ᠲᠡᠵᠢᠭᠡᠬᠦ ᠶᠢ ᠪᠠᠷᠢᠮᠲᠠᠯᠠᠨ᠂ ᠲᠣᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ ᠪᠦᠲᠦᠴᠡ ᠶᠢ | ᠰᠢᠯᠢᠳᠡᠭᠵᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠮᠤᠷ | ᠲᠦᠪᠰᠢᠨ ᠳᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ | ᠪᠠᠷᠢᠮᠲᠠᠯᠠᠵᠤ᠂ ᠨᠠᠮ ᠤᠨ ᠬᠤᠷᠢᠶ᠎ᠠ ᠠᠴᠠ ᠤᠳᠤᠷᠢᠳᠬᠤ᠂ ᠵᠠᠰᠠᠭ ᠤᠨ ᠣᠷᠳᠣᠨ ᠠᠴᠠ ᠬᠠᠷᠢᠭᠤᠴᠠᠬᠤ᠂ ᠰᠠᠯᠠᠭ᠎ᠠ | ᠮᠥᠴᠢᠷ ᠤᠳ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠤᠯᠴᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ | ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠲᠣᠭᠲᠠᠭᠠᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠪᠣᠯᠣᠨ ᠭᠤᠣᠯᠳᠠᠯᠭ᠎ᠠ ᠲᠠᠢ ᠵᠦᠢᠯ ᠢ ᠰᠤᠳᠤᠯᠤᠨ ᠰᠢᠢᠳᠪᠦᠷᠢᠯᠡᠨ᠎ᠡ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ | ᠣᠷᠣᠨ ᠳᠣᠲᠣᠷᠠᠬᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ | ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠵᠢᠯᠤᠭᠤᠳᠴᠤ ᠲᠡᠭᠦᠨ ᠳᠤ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ | ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠢ | ᠰᠢᠭᠤᠢ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠰ ᠲᠣᠰ ᠤᠨ | ᠲᠤᠰᠢᠶᠠᠯ ᠬᠠᠷᠢᠭᠤᠴᠠᠯᠭ᠎ᠠ ᠶᠣᠰᠣᠭᠠᠷ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ | ᠬᠡᠷᠡᠭᠲᠡᠢ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ | ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠬᠠᠮᠵᠢᠨ ᠰᠠᠶᠢᠲᠤᠷ ᠬᠢᠬᠦ ᠬᠡᠷᠡᠭᠲᠡᠢ᠃ | ᠶᠢᠰᠦᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠲᠠᠷᠢᠶᠠᠴᠢᠨ ᠮᠠᠯᠴᠢᠨ ᠤ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠠᠷᠢᠶᠠᠴᠢᠨ ᠮᠠᠯᠴᠢᠨ ᠤ ᠬᠦᠰᠡᠯ ᠰᠠᠨᠠᠭ᠎ᠠ ᠶᠢ ᠭᠦᠨᠳᠦᠳᠭᠡᠵᠦ᠂ | ᠲᠠᠷᠢᠶᠠᠴᠢᠨ ᠮᠠᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠨ᠂ | ᠲᠠᠷᠢᠶᠠᠴᠢᠨ ᠮᠠᠯᠴᠢᠨ ᠤ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ | ᠲᠠᠷᠢᠶᠠᠴᠢᠨ ᠮᠠᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | ᠠᠷᠠᠳ ᠤᠨ ᠪᠦᠯᠭᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠬᠤᠶᠠᠳᠤᠭᠠᠷ ᠪᠦᠯᠦᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠠᠷᠪᠠᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ ᠠᠬᠤᠢ ᠶᠢᠨ | ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ | ᠲᠥᠬᠦᠭᠡᠷᠦᠮᠵᠢ ᠶᠢ ᠪᠠᠬᠢᠵᠢᠭᠦᠯᠦᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠢ ᠶᠢᠨ ᠬᠡᠷᠡᠭᠯᠡᠯᠲᠡ ᠶᠢ | ᠵᠠᠬᠢᠷᠤᠨ ᠬᠠᠮᠢᠶᠠᠷᠬᠤ ᠳᠦᠷᠢᠮ ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ | ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ | ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠤᠨ ᠭᠠᠵᠠᠷ ᠵᠡᠷᠭᠡ | ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ | ᠠᠪᠴᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠡᠭᠡᠯᠵᠢᠯᠡᠨ ᠲᠠᠷᠢᠬᠤ ᠪᠠ ᠥᠨᠵᠢᠭᠦᠯᠦᠨ ᠲᠠᠷᠢᠬᠤ ᠶᠢ | ᠬᠥᠲᠥᠯᠥᠨ ᠵᠢᠯᠤᠭᠤᠳᠴᠤ᠂ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠥᠩ ᠰᠢᠮ᠎ᠡ ᠶᠢ | ᠳᠡᠭᠡᠭᠰᠢᠯᠡᠭᠦᠯᠵᠦ᠂ ᠤᠰᠤᠯᠠᠬᠤ ᠲᠠᠲᠠᠷᠠᠭᠤᠯᠬᠤ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠵᠤ᠂ ᠭᠠᠵᠠᠷ ᠰᠢᠷᠣᠢ | ᠡᠯᠡᠰᠦᠷᠬᠡᠭᠵᠢᠬᠦ᠂ ᠬᠤᠵᠢᠷᠰᠢᠬᠤ᠂ ᠬᠥᠷᠥᠰᠥ ᠰᠢᠷᠣᠢ ᠶᠢᠨ ᠢᠳᠡᠭᠳᠡᠯ ᠪᠠ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠬᠤᠷᠢᠭᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ | ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠤᠯᠢ | ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠭᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠨᠣᠷᠮ᠎ᠠ ᠶᠢ ᠲᠣᠭᠲᠠᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠡᠭᠦᠯᠳᠡᠷᠵᠢᠭᠦᠯᠦᠨ᠂ ᠪᠠᠷᠢᠯᠭ᠎ᠠ | ᠶᠢᠨ ᠪᠦᠲᠦᠭᠡᠨ ᠪᠠᠶᠢᠭᠤᠯᠤᠯᠲᠠ ᠪᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠢ | ᠵᠢᠷᠤᠮᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ | ᠬᠥᠷᠥᠰᠥᠨ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ | ᠳᠡᠭᠡᠭᠰᠢᠯᠡᠭᠦᠯᠭᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠠᠷ᠎ᠠ ᠬᠥᠷᠥᠰᠥᠲᠦ ᠭᠠᠵᠠᠷ ᠤᠨ ᠰᠢᠯᠢᠳᠡᠭ | ᠦᠢᠯᠡᠳᠪᠦᠷᠢᠯᠡᠯ ᠤᠨ ᠴᠢᠳᠠᠪᠤᠷᠢ ᠶᠢ ᠬᠠᠮᠠᠭᠠᠯᠠᠵᠤ᠂ ᠬᠠᠷ᠎ᠠ ᠬᠥᠷᠥᠰᠥᠲᠦ ᠭᠠᠵᠠᠷ ᠤᠨ ᠶᠡᠷᠦᠩᠬᠡᠢ ᠬᠡᠮᠵᠢᠶ᠎ᠡ ᠶᠢ | ᠪᠠᠭᠠᠰᠬᠠᠬᠤ ᠦᠭᠡᠢ᠂ ᠴᠢᠳᠠᠮᠵᠢ ᠶᠢ ᠪᠠᠭᠤᠷᠠᠭᠤᠯᠬᠤ ᠦᠭᠡᠢ᠂ ᠶᠠᠰᠤ ᠴᠢᠨᠠᠷ ᠢ ᠳᠡᠭᠡᠭᠰᠢᠯᠡᠭᠦᠯᠭᠦ᠂ ᠦᠢᠯᠡᠳᠪᠦᠷᠢᠯᠡᠯ ᠤᠨ | ᠴᠢᠳᠠᠪᠤᠷᠢ ᠶᠢ ᠦᠷᠭᠦᠯᠵᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠶᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠬᠤᠵᠢᠷᠯᠢᠭ ᠭᠠᠵᠠᠷ ᠢ | ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠨᠡᠮᠡᠭᠳᠡᠭᠦᠯᠦᠨ᠂ ᠬᠤᠵᠢᠷᠯᠢᠭ ᠭᠠᠵᠠᠷ ᠲᠤ ᠲᠣᠬᠢᠷᠠᠬᠤ ᠲᠠᠷᠢᠮᠠᠯ ᠤᠨ | ᠲᠥᠷᠥᠯ ᠵᠦᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ | ᠠᠮᠠᠷᠠᠭᠤᠯᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠬᠡᠷᠡᠭᠯᠡᠯᠲᠡ ᠶᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ | ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠣᠯᠠᠨ ᠡᠰᠢᠲᠦ᠂ ᠥᠨᠳᠥᠷ ᠪᠦᠲᠦᠮᠵᠢᠲᠡᠢ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠮᠡᠳᠡᠭᠡ ᠵᠠᠩᠭᠢᠵᠢᠭᠤᠯᠤᠭᠰᠠᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠥᠬᠦᠭᠡᠷᠦᠮᠵᠢᠲᠦ | ᠲᠠᠷᠢᠶᠠᠯᠠᠩ ᠪᠠ ᠣᠲᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢ ᠬᠥᠭᠵᠢᠭᠦᠯᠵᠦ᠂ ᠲᠥᠬᠦᠭᠡᠷᠦᠮᠵᠢᠲᠦ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠣᠯᠣᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠰᠤᠪᠠᠭ ᠤᠨ | ᠨᠡᠪᠴᠢᠵᠦ ᠭᠤᠭᠤᠵᠢᠬᠤ ᠶᠢ ᠪᠠᠭᠠᠰᠬᠠᠨ᠂ ᠤᠰᠤ ᠠᠷᠪᠢᠯᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠭᠦ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠤᠬᠠᠢ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠪᠠᠨ ᠦᠨᠳᠦᠰᠦᠯᠡᠵᠦ᠂ ᠭᠤᠣᠯ ᠪᠤᠯᠬᠤ ᠬᠥᠯᠳᠡᠭᠦᠦ ᠪᠠᠷᠠᠭᠠᠨ ᠤ ᠭᠦᠢᠯᠭᠡᠭᠡᠨ ᠤ ᠰᠠᠭᠤᠷᠢᠨ ᠪᠠ ᠬᠥᠯᠳᠡᠭᠦᠦ | ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠬᠥᠮᠥᠷᠭᠡᠯᠡᠨ ᠬᠠᠳᠠᠭᠠᠯᠠᠬᠤ ᠰᠢᠨ᠎ᠡ | ᠰᠣᠷᠭᠤᠭ ᠪᠠᠶᠢᠯᠭᠠᠬᠤ ᠬᠥᠯᠳᠡᠭᠦᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠡᠴᠦᠰ ᠤᠨ | ᠬᠡᠰᠡᠭ ᠤᠨ ᠬᠥᠯᠳᠡᠭᠦᠦ ᠪᠠᠶᠢᠯᠭᠠᠬᠤ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠪᠠ ᠥᠭᠡᠷᠡᠴᠢᠯᠡᠨ ᠰᠠᠶᠢᠵᠢᠷᠠᠭᠤᠯᠬᠤ | ᠶᠢ ᠳᠡᠮᠵᠢᠵᠦ᠂ ᠬᠥᠯᠳᠡᠭᠦᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠳᠤᠮᠳᠠ ᠵᠢᠵᠢᠭ | ᠬᠤᠲᠠ ᠪᠠᠯᠭᠠᠰᠤ ᠪᠠ ᠨᠥᠬᠦᠴᠡᠯ ᠪᠦᠷᠢᠯᠳᠦᠭᠦᠯᠦᠭᠰᠡᠨ ᠲᠠᠷᠢᠶᠠᠯᠠᠬᠤ ᠮᠠᠯᠵᠢᠬᠤ ᠣᠷᠣᠨ ᠲᠡᠶᠢᠰᠢ ᠤᠷᠲᠤᠳᠬᠠᠬᠤ ᠶᠢ | ᠠᠬᠢᠭᠤᠯᠬᠤ ᠬᠡᠷᠡᠭᠲᠡᠢ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ | ᠰᠡᠷᠭᠡᠶᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ᠂ ᠲᠠᠷᠢᠮᠠᠯ᠂ ᠭᠠᠮᠰᠢᠭ ᠤᠨ | ᠲᠥᠷᠥᠯ ᠵᠦᠢᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠢ ᠭᠠᠮᠰᠢᠭ ᠤᠨ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠭᠦ ᠶᠢ ᠥᠷᠨᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ | ᠴᠢᠩᠭᠠᠳᠬᠠᠨ᠂ ᠠᠮᠢᠳᠤ ᠪᠣᠳᠠᠰ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ | ᠭᠤᠣᠯᠳᠠᠯᠭ᠎ᠠ ᠲᠠᠢ ᠬᠥᠮᠥᠨ ᠮᠠᠯ ᠵᠡᠷᠭᠡ ᠪᠠᠷ ᠨᠡᠷᠪᠡᠭᠳᠡᠬᠦ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠭᠦᠯᠭᠦ ᠬᠡᠷᠡᠭᠲᠡᠢ᠃ | ᠭᠤᠷᠪᠠᠳᠤᠭᠠᠷ ᠪᠦᠯᠦᠭ ᠦᠢᠯᠡᠳᠪᠦᠷᠢᠯᠡᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠤ ᠪᠤᠳᠠᠭ᠎ᠠ | ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠮᠢᠬᠠᠨ ᠤ ᠵᠦᠢᠯ ᠤᠨ ᠪᠠᠲᠤᠯᠠᠭ᠎ᠠ | ᠬᠠᠩᠭᠠᠯᠭ᠎ᠠ ᠶᠢ ᠳᠡᠭᠡᠭᠰᠢᠯᠡᠭᠦᠯᠦᠨ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠡᠵᠢᠭᠡᠯ ᠡᠪᠡᠰᠦᠨ ᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠲᠣᠭᠲᠠᠯᠴᠠᠭ᠎ᠠ ᠶᠢ | ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠳᠤᠮᠳᠠ ᠤᠷᠳᠤ | ᠬᠤᠭᠤᠴᠠᠭᠠᠨ ᠤ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ | ᠶᠢ ᠦᠨᠳᠦᠰᠦᠯᠡᠵᠦ᠂ ᠣᠷᠣᠨ ᠪᠦᠰᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠠᠵᠤ ᠠᠬᠤᠢ ᠶᠢᠨ | ᠪᠦᠲᠦᠴᠡ ᠪᠠᠨ ᠲᠣᠬᠢᠷᠠᠭᠤᠯᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠲᠠᠷᠢᠶᠠᠯᠠᠩ | ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠᠨ ᠲᠣᠭᠲᠠᠭᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠦᠢ ᠵᠣᠬᠢᠰᠲᠠᠢ ᠪᠦᠲᠦᠴᠡ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠲᠤ ᠲᠣᠭᠲᠠᠯᠴᠠᠭ᠎ᠠ ᠶᠢ | ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠬᠢᠷᠳᠤᠯ ᠦᠭᠡᠢ ᠥᠨᠳᠥᠷ ᠪᠦᠲᠦᠮᠵᠢᠲᠡᠢ | ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢ ᠳᠡᠯᠭᠡᠷᠡᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠪᠣᠯᠣᠨ ᠲᠡᠷᠢᠵᠦ ᠲᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠲᠣᠮᠣ ᠢᠳᠡᠭᠡᠨ ᠤ | ᠦᠵᠡᠯᠲᠡ ᠶᠢ ᠪᠤᠢ ᠪᠤᠯᠭᠠᠵᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ | ᠲᠥᠯᠥᠪᠵᠢᠭᠦᠯᠦᠭᠰᠡᠨ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠦᠢᠯᠡᠰ ᠢ ᠤᠶᠠᠯᠳᠤᠭᠤᠯᠤᠭᠰᠠᠨ᠂ | ᠤᠷᠭᠤᠮᠠᠯ ᠠᠮᠢᠳᠠᠨ ᠮᠢᠺᠷᠣᠪ ᠢ ᠵᠡᠷᠭᠡ ᠳᠤ ᠨᠢ ᠴᠢᠬᠤᠯᠠᠴᠢᠯᠠᠭᠰᠠᠨ ᠠᠮᠤ ᠪᠤᠳᠠᠭ᠎ᠠ ᠲᠣᠰᠣ ᠰᠢᠬᠢᠷ᠂ ᠮᠢᠬ᠎ᠠ ᠥᠨᠳᠡᠭᠡ | ᠰᠦ᠂ ᠵᠢᠮᠢᠰ ᠨᠣᠭᠤᠭ᠎ᠠ ᠵᠢᠭᠠᠰᠤ᠂ ᠮᠥᠭᠦ ᠶᠢᠨ ᠲᠥᠷᠥᠯ ᠬᠤᠯᠤᠰᠤᠨ ᠰᠦᠶ᠎ᠡ ᠵᠡᠷᠭᠡ ᠤᠯᠠᠨ ᠡᠰᠢᠵᠢᠭᠰᠡᠨ ᠢᠳᠡᠭᠡᠨ | ᠬᠠᠩᠭᠠᠬᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠲᠠᠷᠢᠶᠠᠴᠢᠳ ᠤᠨ ᠠᠮᠤ ᠪᠤᠳᠠᠭ᠎ᠠ | ᠳᠠᠷᠢᠭᠰᠠᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ ᠱᠠᠩᠨᠠᠨ | ᠬᠥᠬᠢᠭᠦᠯᠬᠦ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠮᠤ | ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ; | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠨ᠂ ᠠᠮᠤ ᠪᠤᠳᠠᠭᠠᠨ ᠤ ᠨᠢᠭᠡᠴᠢ ᠤᠨᠠᠯᠲᠠ ᠶᠢ | ᠳᠡᠭᠡᠭᠰᠢᠯᠡᠭᠦᠯᠵᠦ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ ᠣᠷᠣᠨ ᠪᠦᠰᠡ ᠶᠢᠨ | ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ | ᠵᠢᠯᠣᠭᠤᠳᠤᠨ ᠪᠠᠶᠢᠭᠤᠯᠵᠤ᠂ ᠲᠡᠵᠢᠭᠡᠨ ᠦᠷᠡᠵᠢᠭᠦᠯᠬᠦ ᠮᠠᠯ ᠵᠢᠭᠦᠷᠲᠡᠨ ᠤ ᠡᠭᠦᠯᠳᠡᠷ᠂ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠂ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠬᠡᠪᠴᠢᠶᠡᠵᠢᠭᠦᠯᠦᠨ | ᠬᠠᠰᠢᠶᠠᠯᠠᠨ ᠲᠡᠵᠢᠭᠡᠬᠦ᠂ ᠡᠪᠡᠰᠦ ᠪᠣᠷᠳᠤᠭ᠎ᠠ ᠶᠢ ᠬᠤᠷᠢᠶᠠᠨ ᠬᠠᠳᠠᠭᠠᠯᠠᠵᠤ ᠡᠳ᠋ᠰᠢᠭᠦᠯᠬᠦ᠂ ᠪᠠᠷᠢᠮᠵᠢᠶᠠᠵᠢᠭᠤᠯᠤᠨ | ᠲᠡᠵᠢᠭᠡᠬᠦ ᠵᠡᠷᠭᠡ ᠶᠢᠨ ᠲᠦᠭᠦᠭᠡᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠮᠠᠯ ᠵᠢᠭᠦᠷᠲᠡᠨ ᠤ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠯᠠᠰᠢᠨ ᠦᠬᠡᠷ᠂ ᠠᠯᠠᠰᠢᠨ ᠬᠤᠨᠢ ᠶᠢ | ᠭᠠᠳᠠᠭᠰᠢ ᠭᠠᠷᠭᠠᠭᠰᠠᠨ ᠶᠡᠭᠡ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠯᠠᠰᠢᠨ | ᠦᠬᠡᠷ ᠤᠨ ᠰᠦᠷᠦᠭ ᠢ ᠥᠷᠭᠡᠳᠬᠡᠨ ᠲᠤᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠰᠠᠭᠤᠷᠢ ᠡᠬᠡ ᠮᠠᠯ ᠢ ᠠᠷᠠᠴᠢᠯᠠᠨ | ᠲᠡᠵᠢᠭᠡᠬᠦ ᠬᠡᠪᠴᠢᠶ᠎ᠡ ᠶᠢ ᠥᠷᠭᠡᠳᠬᠡᠨ᠂ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ᠂ ᠭᠦᠪᠦᠷᠡᠯ ᠢ | ᠰᠢᠯᠵᠢᠭᠦᠯᠦᠨ ᠬᠡᠷᠡᠭᠯᠡᠬᠦ ᠶᠢ ᠳᠡᠯᠭᠡᠷᠡᠭᠦᠯᠦᠨ᠎ᠡ; ᠠᠯᠠᠰᠢᠨ ᠬᠤᠨᠢᠨ ᠤ ᠬᠡᠪᠴᠢᠶ᠎ᠡ ᠶᠢ ᠲᠣᠭᠲᠠᠪᠤᠷᠢᠵᠢᠭᠤᠯᠵᠤ᠂ | ᠡᠭᠦᠯᠳᠡᠷ ᠰᠣᠩᠭᠤᠨ ᠪᠣᠶᠢᠵᠢᠭᠤᠯᠬᠤ ᠶᠢ ᠴᠢᠩᠭᠠᠳᠬᠠᠨ᠂ ᠪᠣᠳᠠᠭᠠᠯᠢ ᠪᠡᠶ᠎ᠡ ᠶᠢᠨ ᠭᠠᠷᠤᠯᠲᠠ ᠪᠠ ᠦᠷᠡᠵᠢᠯ ᠤᠨ | ᠨᠣᠷᠮ᠎ᠠ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ | ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠣᠷᠳᠣ ᠬᠤᠭᠤᠴᠠᠭ᠎ᠠ ᠪᠠᠷ ᠪᠦᠲᠦᠮᠵᠢᠲᠡᠢ ᠳᠡᠮᠵᠢᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ | ᠡᠵᠡᠮᠳᠡᠵᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ᠂ ᠦᠷᠡᠵᠢᠬᠦ ᠮᠡᠭᠡᠵᠢ ᠶᠢᠨ ᠬᠠᠳᠠᠭᠠᠯᠠᠯᠲᠠ ᠶᠢᠨ ᠬᠡᠮᠵᠢᠶ᠎ᠡ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠵᠤ᠂ ᠭᠠᠭ᠋ᠠᠢ | ᠶᠢᠨ ᠮᠢᠬᠠᠨ ᠤ ᠬᠠᠩᠭᠠᠯᠭ᠎ᠠ ᠶᠢ ᠪᠠᠲᠤᠯᠠᠨ᠎ᠠ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠡᠬᠢ ᠪᠠᠶᠠᠯᠢᠭ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ | ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠦ ᠶᠢᠨ ᠠᠵᠤ | ᠦᠢᠯᠡᠰ ᠢ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠬᠥᠭᠵᠢᠯᠲᠡ ᠶᠢ ᠲᠦᠯᠬᠢᠨ | ᠠᠬᠢᠭᠤᠯᠵᠤ᠂ ᠰᠦ ᠶᠢᠨ ᠢᠷᠡᠯᠲᠡ᠂ ᠡᠭᠦᠯᠳᠡᠷ ᠤᠨ ᠢᠷᠡᠯᠲᠡ᠂ ᠡᠪᠡᠰᠦᠨ ᠤ ᠢᠷᠡᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠲᠡᠵᠢᠭᠡᠨ | ᠦᠷᠡᠵᠢᠭᠦᠯᠬᠦ ᠶᠢ ᠲᠡᠮᠵᠢᠵᠤ᠂ ᠰᠠᠶᠢᠨ ᠡᠭᠦᠯᠳᠡᠷ ᠪᠣᠶᠢᠵᠢᠭᠤᠯᠬᠤ ᠶᠢ ᠴᠢᠩᠭᠠᠷᠠᠭᠤᠯᠤᠨ᠂ ᠲᠡᠵᠢᠭᠡᠯ ᠡᠪᠡᠰᠦᠨ ᠤ | ᠬᠠᠩᠭᠠᠯᠭ᠎ᠠ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠳᠡᠭ ᠢ ᠪᠠᠭᠤᠷᠠᠭᠤᠯᠤ᠂ ᠨᠢᠭᠡᠴᠢ ᠤᠨᠠᠯᠲᠠ ᠶᠢᠨ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ | ᠲᠣᠭᠲᠠᠴᠠ ᠶᠢ ᠪᠦᠷᠢᠨᠰᠢᠭᠦᠯᠵᠦ᠂ ᠰᠠᠭᠠᠯᠢ ᠶᠢᠨ ᠡᠷᠦᠭᠡ ᠵᠡᠷᠭᠡ ᠡᠯ᠎ᠡ ᠭᠤᠣᠯ ᠴᠣᠭᠴᠠ ᠶᠢᠨ ᠠᠰᠢᠭ ᠲᠤᠰᠠ ᠶᠢ | ᠪᠠᠲᠤᠯᠠᠨ᠂ ᠰᠦ ᠶᠢᠨ ᠢᠷᠡᠯᠲᠡ ᠶᠢᠨ ᠰᠠᠭᠤᠷᠢ ᠶᠢ ᠪᠠᠲᠤᠳᠬᠠᠵᠤ᠂ ᠰᠦ ᠶᠢᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠬᠤ ᠬᠡᠷᠡᠭᠲᠡᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠢᠮᠠᠭᠠᠨ ᠨᠣᠣᠯᠣᠭᠤᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠲᠡᠮᠵᠢᠵᠤ᠂ | ᠨᠣᠣᠯᠣᠭᠤᠷ ᠤᠨ ᠢᠮᠠᠭᠠᠨ ᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠢ | ᠪᠥᠭᠡᠳ ᠥᠨᠳᠥᠷ ᠦᠨ᠎ᠡ ᠲᠠᠢ ᠪᠠᠶᠢᠯᠭᠠᠬᠤ ᠲᠣᠭᠲᠠᠴᠠ ᠶᠢ ᠪᠦᠷᠢᠨᠰᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠬᠦ | ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠢᠮᠠᠭᠠᠨ ᠨᠣᠣᠯᠣᠭᠤᠷ ᠤᠨ ᠠᠵᠤ ᠦᠢᠯᠡᠰ ᠤᠨ ᠲᠥᠪᠯᠡᠷᠡᠯ ᠤᠨ | ᠬᠡᠮᠵᠢᠶ᠎ᠡ ᠪᠣᠯᠣᠨ ᠲᠦᠷᠦᠯ ᠲᠡᠮᠳᠡᠭ ᠤᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠡᠯ᠎ᠡ ᠲᠥᠷᠥᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠲᠠᠷᠢᠮᠠᠯ | ᠡᠪᠡᠰᠦ ᠪᠣᠷᠳᠤᠭ᠎ᠠ ᠶᠢᠨ ᠰᠠᠭᠤᠷᠢᠨ᠂ ᠡᠪᠡᠰᠦᠨ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠥᠷᠨᠢᠭᠦᠯᠵᠦ᠂ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠢ | ᠶᠢᠨ ᠬᠤᠰᠢᠭᠤ᠂ ᠬᠢᠶᠠᠭ ᠵᠡᠷᠭᠡ ᠲᠡᠵᠢᠭᠡᠯ ᠡᠪᠡᠰᠦ ᠬᠢᠭᠡᠳ ᠡᠪᠡᠰᠦᠨ ᠤ ᠲᠥᠷᠥᠯ ᠤᠨ ᠦᠢᠯᠡᠳᠪᠦᠷᠢᠯᠡᠯ ᠢ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠳᠥᠷᠪᠡᠳᠦᠭᠡᠷ ᠪᠦᠯᠦᠭ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠣᠭᠲᠠᠯᠴᠠᠭ᠎ᠠ ᠶᠢᠨ | ᠪᠦᠲᠦᠭᠡᠨ ᠪᠠᠶᠢᠭᠤᠯᠤᠯᠲᠠ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ | ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠦᠭᠦ ᠠᠵᠤ ᠦᠢᠯᠡᠰ ᠤᠨ ᠬᠡᠯᠬᠢᠶᠡᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠲᠣᠭᠲᠠᠯᠴᠠᠭ᠎ᠠ ᠶᠢ ᠴᠢᠨᠠᠷ ᠰᠠᠶᠢᠲᠠᠢ | ᠪᠠᠶᠢᠭᠤᠯᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠴᠢᠨ | ᠮᠠᠯᠴᠢᠨ ᠢᠶᠠᠷ ᠭᠤᠣᠯ ᠴᠣᠭᠴᠠ ᠪᠤᠯᠭᠠᠬᠤ ᠶᠢ ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠣᠷᠣᠨ ᠤ ᠳᠠᠪᠠᠭᠤᠯᠢᠭ | ᠣᠨᠴᠠᠯᠢᠭᠲᠤ ᠡᠬᠢ ᠪᠠᠶᠠᠯᠢᠭ ᠢᠶᠠᠷ ᠲᠦᠰᠢᠭ ᠪᠤᠯᠭᠠᠵᠤ᠂ ᠲᠠᠷᠢᠶᠠᠯᠠᠬᠤ ᠮᠠᠯᠵᠢᠬᠤ ᠣᠷᠣᠨ ᠤ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ ᠠᠬᠢᠭᠤᠯᠵᠤ᠂ ᠣᠲᠣ ᠦᠶ᠎ᠡ | ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠣᠭᠲᠠᠯᠴᠠᠭ᠎ᠠ᠂ ᠦᠢᠯᠡᠳᠪᠦᠷᠢᠯᠡᠯ ᠤᠨ ᠲᠣᠭᠲᠠᠯᠴᠠᠭ᠎ᠠ | ᠪᠠ ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠪᠠ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠲᠠᠷᠢᠶᠠᠴᠢᠨ ᠮᠠᠯᠴᠢᠨ ᠡᠷᠦᠭᠡ ᠪᠠ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠣᠷᠭᠠᠨᠢᠭ ᠢᠶᠠᠷ ᠵᠣᠯᠭᠠᠯᠳᠤᠬᠤ ᠶᠢ ᠠᠬᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠬᠢ ᠪᠠᠶᠠᠯᠢᠭ ᠤᠨ | ᠥᠪᠡᠷᠮᠢᠴᠡ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠵᠦ᠂ | ᠰᠦ ᠶᠢᠨ ᠦᠢᠯᠡᠰ᠂ ᠡᠷᠳᠡᠨᠢ ᠰᠢᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠯᠠᠰᠢᠨ | ᠦᠬᠡᠷ᠂ ᠠᠯᠠᠰᠢᠨ ᠬᠤᠨᠢ᠂ ᠲᠡᠵᠢᠭᠡᠯ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠥᠮᠥᠰᠥ᠂ ᠰᠢᠷ᠎ᠠ | ᠪᠤᠷᠴᠠᠭ᠂ ᠪᠤᠭᠤᠳᠠᠢ᠂ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠵᠦᠢᠯ ᠤᠨ ᠠᠮᠤ ᠪᠤᠷᠴᠠᠭ᠂ | ᠢᠮᠠᠭᠠᠨ ᠨᠣᠣᠯᠣᠭᠤᠷ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠬᠢᠲᠠᠳ ᠡᠮ ᠤᠨ ᠮᠠᠲ᠋ᠧᠷᠢᠶᠠᠯ᠂ ᠨᠣᠬᠠᠢ ᠶᠢᠨ ᠬᠤᠰᠢᠭᠤ᠂ ᠰᠠᠭᠠᠭ᠂ ᠬᠤᠮᠠ᠂ ᠬᠠᠲᠠᠭᠠᠬᠰᠠᠨ | ᠤᠯᠠᠭᠠᠨ ᠯᠠᠵᠤᠤ ᠵᠡᠷᠭᠡ ᠣᠨᠴᠠᠯᠢᠭᠲᠤ ᠠᠵᠤ ᠦᠢᠯᠡᠰ ᠪᠠ ᠬᠤᠸᠠᠷ ᠴᠡᠴᠡᠭ᠂ ᠮᠥᠭᠦ ᠶᠢᠨ ᠵᠦᠢᠯ ᠵᠡᠷᠭᠡ ᠣᠢ ᠶᠢᠨ | ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ᠂ ᠬᠤᠣᠰ ᠪᠥᠬᠦᠲᠦ ᠲᠡᠮᠡᠭᠡ ᠪᠠ ᠣᠲᠣ ᠦᠶ᠎ᠡ ᠶᠢᠨ ᠠᠳᠤᠭᠤᠨ ᠤ | ᠠᠵᠤ ᠦᠢᠯᠡᠰ ᠢ ᠳᠡᠮᠵᠢᠨ ᠬᠥᠭᠵᠢᠭᠦᠯᠬᠦ ᠬᠡᠷᠡᠭᠲᠡᠢ᠃ ᠪᠤᠭᠤ᠂ ᠡᠯᠵᠢᠭᠡ ᠵᠡᠷᠭᠡ ᠣᠨᠴᠠ ᠲᠦᠷᠦᠯ ᠤᠨ ᠲᠡᠵᠢᠭᠡᠨ | ᠦᠷᠡᠵᠢᠭᠦᠯᠬᠦ ᠦᠢᠯᠡᠰ ᠢ ᠬᠥᠭᠵᠢᠭᠦᠯᠵᠦ᠂ ᠴᠠᠭᠠᠨ ᠭᠤᠶᠣᠣ ᠪᠠ ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠢ | ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠰᠦ ᠶᠢᠨ ᠦᠢᠯᠡᠰ᠂ ᠡᠷᠳᠡᠨᠢ | ᠰᠢᠰᠢ᠂ ᠠᠯᠠᠰᠢᠨ ᠦᠬᠡᠷ᠂ ᠠᠯᠠᠰᠢᠨ ᠬᠤᠨᠢ᠂ ᠲᠡᠵᠢᠭᠡᠯ ᠡᠪᠡᠰᠦ᠂ ᠢᠮᠠᠭᠠᠨ ᠨᠣᠣᠯᠣᠭᠤᠷ᠂ ᠲᠥᠮᠥᠰᠥ ᠵᠡᠷᠭᠡ | ᠭᠤᠣᠯᠳᠠᠯᠭ᠎ᠠ ᠲᠠᠢ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠥᠷᠥ ᠶᠢᠨ ᠪᠣᠳᠣᠯᠭ᠎ᠠ ᠲᠣᠭᠲᠠᠭᠠᠨ᠂ ᠪᠡᠯᠡ ᠮᠥᠩᠭᠦ ᠪᠠᠨ ᠨᠡᠶᠢᠯᠡᠭᠦᠯᠵᠦ᠂ ᠳᠠᠪᠠᠭᠤᠯᠢᠭ ᠠᠵᠤ ᠦᠢᠯᠡᠰ | ᠬᠢᠭᠡᠳ ᠦᠢᠯᠡᠳᠪᠦᠷᠢᠯᠡᠯ ᠤᠨ ᠡᠯᠧᠮᠧᠨ᠋ᠲ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠵᠤ᠂ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ | ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠠᠭᠤᠷᠢᠨ ᠢ | ᠴᠣᠭᠴᠠᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠥᠭᠵᠢᠭᠦᠯᠬᠦ | ᠲᠥᠯᠦᠪᠵᠢᠭᠦᠯᠭᠡ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠣᠷᠣᠨ ᠪᠦᠰᠡ ᠶᠢᠨ ᠪᠠᠶᠢᠷᠢᠰᠢᠭᠤᠯᠤᠯᠲᠠ ᠪᠠ | ᠬᠡᠪᠴᠢᠶᠡᠲᠦ ᠪᠦᠲᠦᠴᠡ ᠶᠢ ᠪᠤᠢ ᠪᠤᠯᠭᠠᠵᠤ᠂ ᠣᠶᠢᠷ᠎ᠠ ᠬᠠᠪᠢ ᠳᠤ ᠨᠢ ᠪᠠ ᠲᠤᠬᠠᠢ ᠶᠢᠨ ᠭᠠᠵᠠᠷ ᠲᠤ ᠨᠢ | ᠡᠳ᠋ᠰᠢᠭᠦᠯᠦᠨ ᠬᠤᠪᠢᠷᠠᠭᠤᠯᠬᠤ ᠶᠢ ᠠᠬᠢᠭᠤᠯᠤᠨ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠠᠵᠢᠯ ᠥᠷᠨᠢᠭᠦᠯᠬᠦ ᠶᠢ ᠲᠡᠳᠬᠦᠨ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ | ᠬᠡᠯᠬᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠬᠤᠪᠢᠷᠠᠭᠤᠯᠬᠤ ᠨᠣᠷᠮ᠎ᠠ ᠶᠢ ᠲᠡᠭᠡᠭᠰᠢᠯᠡᠭᠦᠯᠭᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ | ᠶᠢ ᠲᠦᠯᠬᠢᠨ ᠠᠬᠢᠭᠤᠯᠵᠤ᠂ ᠪᠦᠲᠦᠭᠡᠭᠳᠡᠬᠦᠨ ᠤ ᠰᠢᠨ᠎ᠡ ᠶᠢ ᠡᠭᠦᠳᠬᠦ᠂ ᠢᠳᠡᠭᠡᠨ ᠰᠤᠳᠤᠯᠤᠨ ᠨᠡᠭᠡᠭᠡᠬᠦ ᠶᠢ | ᠵᠣᠷᠢᠭᠵᠢᠭᠤᠯᠤᠨ ᠲᠡᠮᠵᠢᠵᠤ᠂ ᠬᠠᠭᠠᠰ ᠪᠡᠯᠡᠳᠬᠡᠭᠰᠡᠨ ᠨᠣᠭᠤᠭ᠎ᠠ᠂ ᠤᠰᠤ ᠦᠭᠡᠶᠢᠳᠡᠭᠦᠯᠦᠭᠰᠡᠨ ᠵᠢᠮᠢᠰ ᠨᠣᠭᠤᠭ᠎ᠠ | ᠵᠡᠷᠭᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠬᠦ ᠬᠡᠷᠡᠭᠲᠡᠢ᠃ ᠨᠢᠲᠤᠯᠵᠤ ᠡᠳ᠋ᠰᠢᠭᠦᠯᠬᠦ ᠶᠢ ᠬᠥᠲᠥᠯᠥᠨ | ᠵᠢᠯᠤᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠲᠥᠪᠯᠡᠷᠡᠭᠰᠡᠨ ᠣᠷᠣᠨ ᠲᠡᠶᠢᠰᠢ ᠰᠢᠯᠵᠢᠭᠦᠯᠵᠦ᠂ ᠦᠬᠡᠷ | ᠬᠤᠨᠢᠨ ᠤ ᠮᠢᠬ᠎ᠠ ᠶᠢ ᠨᠠᠷᠢᠯᠢᠭ ᠰᠠᠯᠭᠠᠬᠤ᠂ ᠬᠥᠯᠳᠡᠭᠦᠦ ᠰᠢᠨ᠎ᠡ ᠮᠢᠬ᠎ᠠ ᠶᠢ ᠡᠳ᠋ᠰᠢᠭᠦᠯᠦᠨ ᠪᠤᠯᠪᠠᠰᠤᠷᠠᠭᠤᠯᠬᠤ᠂ | ᠪᠤᠯᠭᠤᠬᠰᠠᠨ ᠢᠳᠡᠭᠡᠨ ᠦᠢᠯᠡᠳᠬᠦ ᠶᠢ ᠶᠡᠭᠡ ᠪᠠᠷ ᠬᠥᠭᠵᠢᠭᠦᠯᠵᠦ᠂ ᠦᠢᠯᠡᠳᠬᠦᠨ ᠤ ᠨᠡᠮᠡᠯᠲᠡ ᠥᠷᠲᠡᠭ ᠪᠠ ᠦᠨ᠎ᠡ | ᠥᠰᠬᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠲᠦᠷᠦᠯ ᠲᠡᠮᠳᠡᠭ ᠢ ᠡᠭᠦᠳᠦᠨ | ᠪᠠᠶᠢᠭᠤᠯᠬᠤ᠂ ᠡᠵᠡᠩᠨᠡᠵᠦ ᠬᠠᠮᠢᠶᠠᠷᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ | ᠵᠦᠢᠯ ᠢᠶᠠᠷ ᠰᠢᠯᠢᠳᠡᠭ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠲᠦᠷᠦᠯ ᠲᠡᠮᠳᠡᠭ ᠢ ᠪᠤᠢ ᠪᠤᠯᠭᠠᠬᠤ | ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠢ᠂ | ᠳᠠᠶᠢᠴᠢᠯᠠᠬᠤ ᠴᠢᠳᠠᠪᠤᠷᠢ ᠪᠠᠷ ᠲᠣᠪᠣᠶᠢᠮ᠎ᠠ᠂ ᠪᠦᠲᠦᠭᠡᠭᠳᠡᠬᠦᠨ ᠤ ᠣᠨᠴᠠᠯᠢᠭ ᠢᠶᠠᠷ ᠢᠯᠡ ᠲᠣᠳᠣ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ ᠠᠵᠤ ᠠᠬᠤᠶᠢᠯᠠᠯ ᠤᠨ ᠲᠦᠷᠦᠯ ᠲᠡᠮᠳᠡᠭ᠂ ᠪᠦᠲᠦᠭᠡᠭᠳᠡᠬᠦᠨ ᠤ | ᠲᠦᠷᠦᠯ ᠲᠡᠮᠳᠡᠭ ᠢ ᠪᠤᠢ ᠪᠤᠯᠭᠠᠵᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ᠂ | ᠲᠦᠷᠦᠯ ᠲᠡᠮᠳᠡᠭᠵᠢᠭᠦᠯᠦᠨ ᠪᠣᠷᠣᠯᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ ᠲᠦᠷᠦᠯ ᠲᠡᠮᠳᠡᠭᠲᠦ ᠲᠠᠷᠢᠶᠠᠯᠠᠩ | ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ ᠵᠢᠴᠢ ᠦᠢᠯᠡᠴᠢᠯᠡᠭᠡᠨ ᠤ ᠪᠠᠲᠤᠯᠠᠭ᠎ᠠ | ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ | ᠳᠠᠶᠢᠴᠢᠯᠠᠬᠤ ᠬᠦᠴᠦᠨ ᠢᠶᠠᠷ ᠴᠢᠩᠭ᠎ᠠ ᠬᠥᠲᠥᠴᠢ ᠠᠵᠤ ᠠᠬᠤᠶᠢᠯᠠᠯ ᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠭᠠᠵᠠᠷ ᠣᠷᠣᠨ ᠤ ᠢᠯᠡᠳᠬᠡᠮᠵᠢ ᠶᠢᠨ ᠬᠡᠷᠡᠭᠯᠡᠭᠡᠨ ᠢ ᠠᠬᠢᠭᠤᠯᠬᠤ ᠠᠵᠢᠯ ᠢ ᠲᠦᠯᠬᠢᠨ | ᠠᠬᠢᠭᠤᠯᠬᠤ ᠬᠡᠷᠡᠭᠲᠡᠢ᠃ ︽ᠥᠪᠥᠷ ᠮᠣᠩᠭᠤᠯ︾ ᠲᠡᠮᠳᠡᠭ ᠤᠨ ᠭᠡᠷᠡᠴᠢᠯᠡᠭᠡ ᠶᠢ ᠠᠬᠢᠭᠤᠯᠵᠤ᠂ ︽ᠦᠵᠡᠰᠬᠦᠯᠡᠩᠲᠦ | ᠰᠠᠶᠢᠬᠠᠨ ᠥᠪᠥᠷ ᠮᠣᠩᠭᠤᠯ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ︾ ᠤ ᠲᠦᠷᠦᠯ ᠲᠡᠮᠳᠡᠭ ᠤᠨ ᠳᠦᠷᠢ | ᠲᠥᠷᠬᠦ ᠶᠢ ᠱᠤᠭᠤᠵᠤ᠂ ᠲᠦᠷᠦᠯ ᠲᠡᠮᠳᠡᠭ ᠢ ᠴᠣᠭᠴᠠᠯᠠᠬᠤ ᠶᠢ ᠴᠢᠩᠭᠠᠳᠬᠠᠬᠤ ᠬᠡᠷᠡᠭᠲᠡᠢ᠃ ᠲᠦᠷᠦᠯ ᠲᠡᠮᠳᠡᠭ ᠤᠨ | ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠵᠤ᠂ ᠨᠡᠶᠢᠭᠡᠮ ᠤᠨ ᠲᠠᠨᠢᠨ ᠮᠡᠳᠡᠷᠡᠬᠦᠢ ᠶᠢ ᠥᠷᠭᠡᠳᠬᠡᠬᠦ ᠬᠡᠷᠡᠭᠲᠡᠢ᠃ | ᠳᠥᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ | ᠥᠷᠭᠡᠳᠬᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠭᠤᠣᠯ ᠴᠣᠭᠴᠠ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠪᠠ ᠲᠠᠷᠢᠶᠠᠴᠢᠨ ᠮᠠᠯᠴᠢᠨ ᠤ | ᠲᠤᠰᠬᠠᠢ ᠬᠤᠷᠰᠢᠶ᠎ᠠ ᠶᠢ ᠬᠥᠲᠥᠯᠥᠨ ᠵᠢᠯᠤᠭᠤᠳᠴᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ᠂ ᠪᠣᠬᠢᠷᠳᠤᠯ ᠦᠭᠡᠢ ᠢᠳᠡᠭᠡᠨ ᠢ ᠨᠡᠭᠡᠭᠡᠨ ᠬᠥᠭᠵᠢᠭᠦᠯᠦᠨ ᠭᠡᠷᠡᠴᠢᠯᠡᠭᠡ ᠣᠯᠭᠤᠵᠤ᠂ ᠳᠤᠮᠳᠠ ᠳᠡᠭᠡᠳᠦ | ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠭᠦ ᠬᠡᠷᠡᠭᠲᠡᠢ᠃ ᠳᠤᠮᠳᠠ ᠵᠢᠵᠢᠭ ᠲᠦᠷᠦᠯ ᠲᠡᠮᠳᠡᠭᠲᠦ ᠶᠢᠨ ᠪᠥᠭᠡᠮᠨᠡᠷᠡᠨ ᠬᠥᠭᠵᠢᠬᠦ ᠶᠢ ᠵᠣᠷᠢᠭᠵᠢᠭᠤᠯᠵᠤ | ᠂ ᠬᠡᠪᠴᠢᠶᠡᠵᠢᠯ ᠤᠨ ᠦᠢᠯᠡᠳᠦᠯ ᠲᠠᠢ ᠲᠣᠮᠣ ᠲᠦᠷᠦᠯ ᠲᠡᠮᠳᠡᠭ ᠂ ᠲᠣᠮᠣ ᠠᠵᠤ ᠠᠬᠤᠶᠢᠯᠠᠯ᠂ ᠲᠣᠮᠣ ᠪᠦᠯᠦᠭᠯᠡᠯ ᠢ | ᠪᠣᠶᠢᠵᠢᠭᠤᠯᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ | ᠂ ᠡᠳ᠋ᠰᠢᠭᠦᠯᠬᠦ᠂ ᠪᠣᠷᠣᠯᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠲᠠᠪᠴᠠᠩ ᠢ ᠪᠠᠶᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠯᠧᠺᠲᠷᠣᠨ ᠬᠤᠳᠠᠯᠳᠤᠭ᠎ᠠ ᠪᠠᠷ ᠪᠣᠷᠣᠯᠠᠭᠤᠯᠬᠤ ᠵᠠᠮ | ᠮᠥᠷ ᠢ ᠥᠷᠭᠡᠳᠬᠡᠨ᠂ ᠬᠥᠲᠥᠴᠢ ᠠᠵᠤ ᠠᠬᠤᠶᠢᠯᠠᠯ ᠪᠠ ᠬᠤᠳᠠᠯᠳᠤᠭ᠎ᠠ ᠭᠡᠲᠦ ᠳᠡᠯᠭᠡᠭᠦᠷ ᠢ ᠵᠣᠷᠢᠭᠵᠢᠭᠤᠯᠤᠨ | ᠭᠠᠷᠤᠯᠲᠠ ᠶᠢᠨ ᠣᠷᠣᠨ ᠠᠴᠠ ᠰᠢᠭᠤᠳ ᠬᠤᠳᠠᠯᠳᠤᠨ ᠠᠪᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠭᠰᠠᠨ ᠣᠲᠣ ᠦᠶ᠎ᠡ ᠶᠢᠨ ᠲᠠᠷᠢᠶᠠᠯᠠᠬᠤ ᠮᠠᠯᠵᠢᠬᠤ | ᠣᠷᠣᠨ ᠤ ᠲᠠᠸᠠᠷ ᠤᠨ ᠭᠦᠢᠯᠭᠡᠭᠡ ᠪᠠ ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠥᠭᠵᠢᠭᠦᠯᠵᠦ᠂ ᠨᠠᠩ ᠣᠯᠠᠨ | ︽ᠥᠪᠥᠷ ᠮᠣᠩᠭᠤᠯ ᠲᠡᠮᠳᠡᠭᠲᠦ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠮᠣ ᠵᠠᠬ᠎ᠠ | ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠦᠷ᠎ᠡ ᠶᠢᠨ ᠦᠢᠯᠡᠰ ᠤᠨ ᠬᠥᠭᠵᠢᠯᠲᠡ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠨᠣᠭᠯᠠᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ | ᠳᠥᠴᠢᠨ ᠬᠤᠶᠠᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠢ ᠳᠡᠯᠭᠡᠷᠡᠭᠦᠯᠦᠨ | ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠬᠠᠮᠠᠭᠠᠯᠠᠬᠤ᠂ ᠦᠷ᠎ᠡ ᠪᠣᠶᠢᠵᠢᠭᠤᠯᠬᠤ᠂ ᠦᠷ᠎ᠡ | ᠵᠣᠬᠢᠶᠠᠬᠤ᠂ ᠦᠷ᠎ᠡ ᠬᠡᠷᠡᠭᠯᠡᠬᠦ ᠪᠦᠭᠦ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠦᠷ᠎ᠡ ᠶᠢᠨ ᠡᠬᠢ | ᠪᠠᠶᠠᠯᠢᠭ ᠢ ᠨᠡᠶᠢᠳᠡᠮ ᠪᠠᠶᠢᠴᠠᠭᠠᠬᠤ᠂ ᠬᠢᠨᠠᠨ ᠲᠣᠭᠲᠠᠭᠠᠬᠤ᠂ ᠳᠠᠩᠰᠠᠯᠠᠬᠤ᠂ ᠬᠢᠨᠠᠨ ᠬᠡᠮᠵᠢᠬᠦ ᠵᠡᠷᠭᠡ ᠠᠵᠢᠯ ᠢ | ᠥᠷᠨᠢᠭᠦᠯᠵᠦ᠂ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠪᠣᠷ ᠴᠤᠬᠠᠭ᠂ | ᠤᠰᠠᠳᠬᠤ ᠰᠢᠬᠠᠭᠰᠠᠨ᠂ ᠣᠨᠴᠠᠭᠠᠢ ᠡᠬᠢ ᠪᠠᠶᠠᠯᠢᠭ ᠪᠠ ᠣᠨᠴᠠᠯᠢᠭᠲᠤ ᠣᠷᠣᠨ ᠨᠤᠲᠤᠭ ᠤᠨ ᠦᠷ᠎ᠡ ᠡᠭᠦᠯᠳᠡᠷ ᠢ | ᠴᠤᠭᠯᠠᠭᠤᠯᠬᠤ᠂ ᠠᠭᠤᠳᠠᠯᠬᠤ ᠪᠠ ᠠᠰᠢᠭᠯᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠤᠯᠲᠠ ᠶᠢ ᠠᠵᠤ | ᠦᠢᠯᠡᠰᠵᠢᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠣᠳᠣᠬᠢᠴᠢᠯᠠᠭᠰᠠᠨ ᠲᠠᠷᠢᠮᠠᠯ ᠤᠨ ᠵᠦᠢᠯ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ᠂ ᠮᠠᠯ | ᠵᠢᠭᠦᠷᠲᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠ ᠡᠪᠡᠰᠦᠨ ᠤ ᠦᠷ᠎ᠡ ᠶᠢ | ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠭᠦᠯᠳᠡᠷ | ᠪᠣᠶᠢᠵᠢᠭᠤᠯᠬᠤ ᠰᠠᠭᠤᠷᠢ ᠴᠢᠨᠠᠷᠲᠠᠢ᠂ ᠬᠤᠰᠢᠭᠤᠷᠠᠯ ᠴᠢᠨᠠᠷᠲᠠᠢ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ | ᠨᠡᠭᠡᠭᠡᠯᠲᠡ ᠬᠢᠬᠦ ᠶᠢ ᠲᠡᠮᠵᠢᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠠᠯᠠᠰᠢᠨ ᠦᠬᠡᠷ᠂ ᠠᠯᠠᠰᠢᠨ ᠬᠤᠨᠢ᠂ | ᠴᠠᠷᠭᠠᠰᠤ᠂ ᠬᠢᠶᠠᠭ ᠵᠡᠷᠭᠡ ᠶᠢᠨ ᠡᠪᠡᠰᠦᠨ ᠤ ᠦᠷ᠎ᠡ ᠪᠣᠶᠢᠵᠢᠭᠤᠯᠬᠤ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ | ᠡᠭᠦᠯᠳᠡᠷ ᠤᠨ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠪᠣᠯᠣᠨ ᠭᠤᠣᠯ ᠪᠤᠯᠬᠤ ᠡᠭᠦᠯᠳᠡᠷ ᠪᠣᠶᠢᠵᠢᠭᠤᠯᠬᠤ | ᠲᠠᠯᠠᠪᠠᠢ᠂ ᠡᠭᠦᠯᠳᠡᠷ ᠬᠠᠮᠠᠭᠠᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠲᠠᠷᠢᠮᠠᠯ᠂ ᠮᠠᠯ | ᠵᠢᠭᠦᠷᠲᠡᠨ ᠪᠠ ᠲᠡᠵᠢᠭᠡᠯ ᠡᠪᠡᠰᠦᠨ ᠤ ᠰᠢᠯᠢᠳᠡᠭ ᠦᠷ᠎ᠡ ᠡᠭᠦᠯᠳᠡᠷ ᠢ ᠪᠣᠶᠢᠵᠢᠭᠤᠯᠬᠤ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠯᠢᠳᠡᠭ ᠦᠷ᠎ᠡ ᠡᠭᠦᠯᠳᠡᠷ ᠢ | ᠳᠡᠯᠭᠡᠷᠡᠭᠦᠯᠬᠦ ᠶᠢ ᠠᠬᠢᠭᠤᠯᠵᠤ᠂ ᠰᠠᠶᠢᠨ ᠡᠭᠦᠯᠳᠡᠷᠵᠢᠭᠦᠯᠭᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠳᠥᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠮᠠᠯ ᠤᠨ ︽ᠴᠢᠬᠢ ᠶᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ | ᠰᠢᠨ᠎ᠡ ᠲᠥᠷᠥᠯ ᠵᠦᠢᠯ ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ ᠢ ᠬᠢᠨᠠᠨ ᠬᠡᠮᠵᠢᠬᠦ ᠶᠢ | ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠪᠦᠰᠡ ᠳᠤ | ᠮᠠᠯ ᠢ ᠠᠳᠠᠯᠢᠳᠬᠠᠨ ᠰᠢᠯᠭᠠᠷᠠᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠰᠢᠯᠢᠳᠡᠭ ᠡᠭᠦᠯᠳᠡᠷ ᠢ ᠬᠤᠶᠢᠨ᠎ᠠ ᠨᠢ ᠨᠥᠬᠦᠪᠦᠷᠢ ᠥᠭᠴᠦ ᠱᠠᠩᠨᠠᠬᠤ ᠲᠦᠷᠦ ᠶᠢᠨ ᠪᠣᠳᠣᠯᠭ᠎ᠠ ᠶᠢ ᠲᠣᠭᠲᠠᠭᠠᠨ | ᠨᠡᠶᠢᠲᠡᠯᠡᠬᠦ ᠶᠢ ᠵᠣᠷᠢᠭᠵᠢᠭᠤᠯᠵᠤ᠂ ᠰᠢᠯᠢᠳᠡᠭ ᠲᠠᠷᠢᠮᠠᠯ ᠤᠨ ᠵᠦᠢᠯ ᠪᠠ ᠮᠠᠯ ᠵᠢᠭᠦᠷᠲᠡᠨ ᠤ ᠦᠷ᠎ᠡ ᠡᠭᠦᠯᠳᠡᠷ ᠢ | ᠳᠡᠯᠭᠡᠷᠡᠭᠦᠯᠬᠦ ᠶᠢ ᠠᠬᠢᠭᠤᠯᠬᠤ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠪᠠ ᠨᠤᠲᠤᠭ ᠪᠡᠯᠴᠢᠭᠡᠷ | ᠵᠡᠷᠭᠡ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠢᠶᠠᠷ ᠭᠤᠣᠯ ᠴᠣᠭᠴᠠ | ᠪᠤᠯᠭᠠᠬᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠠᠮᠵᠢᠯᠴᠠᠭᠰᠠᠨ ᠰᠢᠨ᠎ᠡ ᠶᠢ ᠡᠭᠦᠳᠬᠦ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ | ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠦ ᠶᠢᠨ ᠦᠢᠯᠡᠰ᠂ ᠡᠪᠡᠰᠦᠨ ᠤ ᠦᠢᠯᠡᠰ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠭᠦ | ᠣᠷᠣᠨ ᠪᠣᠯᠣᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠬᠥᠲᠥᠯᠥᠨ | ᠵᠢᠯᠤᠭᠤᠳᠴᠤ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠡᠷᠴᠢᠮᠵᠢᠭᠦᠯᠦᠯᠲᠡ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠳᠥᠴᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠭᠦ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠵᠦ᠂ ᠲᠡᠷᠢᠭᠦᠨ ᠤ ᠲᠡᠷᠢᠵᠦ ᠲᠡᠵᠢᠭᠡᠬᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠬᠤ ᠵᠢᠴᠢ ᠲᠥᠪᠯᠡᠷᠡᠭᠦᠯᠦᠨ ᠰᠢᠨ᠎ᠡ ᠶᠢ ᠡᠭᠦᠳᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠰᠢᠯᠵᠢᠭᠦᠯᠦᠨ ᠬᠤᠪᠢᠷᠠᠭᠤᠯᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠨ ᠭᠠᠵᠠᠷ ᠢ ᠬᠠᠮᠠᠭᠠᠯᠠᠨ ᠪᠣᠶᠢᠵᠢᠭᠤᠯᠬᠤ ᠪᠠ ᠡᠬᠢ ᠪᠠᠶᠠᠯᠢᠭ ᠢ | ᠥᠨᠳᠥᠷ ᠪᠦᠲᠦᠮᠵᠢᠲᠡᠢ ᠠᠰᠢᠭᠯᠠᠬᠤ᠂ ᠣᠲᠣ ᠦᠶ᠎ᠡ ᠶᠢᠨ ᠳᠠᠷᠢᠵᠤ ᠪᠣᠶᠢᠵᠢᠭᠤᠯᠬᠤ ᠪᠠ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ᠂ ᠥᠨᠳᠥᠷ ᠪᠦᠲᠦᠮᠵᠢᠲᠡᠢ ᠦᠷᠡᠵᠢᠭᠦᠯᠬᠦ ᠪᠠ ᠣᠶᠤᠨᠴᠢ ᠪᠠᠷ ᠲᠡᠵᠢᠭᠡᠨ | ᠦᠷᠡᠵᠢᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠦᠨ ᠠᠰᠢᠭᠯᠠᠬᠤ ᠵᠡᠷᠭᠡ ᠬᠦᠷᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠠᠵᠢᠭᠤᠯᠤᠭᠰᠠᠨ | ᠲᠠᠷᠢᠶᠠᠯᠠᠩ ᠮᠠᠯ ᠠᠵᠤ ᠠᠬᠤᠢ᠂ ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠳᠥᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠨ ᠮᠠᠯᠴᠢᠨ ᠪᠣᠯᠣᠨ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠲᠣᠬᠢᠷᠠᠮᠵᠢᠲᠠᠢ ᠲᠠᠷᠢᠶᠠᠯᠠᠩ ᠮᠠᠯ | ᠠᠵᠤ ᠠᠬᠤᠢ ᠶᠢᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠲᠡᠮᠵᠢᠨ ᠵᠢᠯᠤᠭᠤᠳᠴᠤ᠂ ᠲᠠᠷᠢᠶᠠᠯᠠᠩ ᠮᠠᠯ ᠠᠵᠤ | ᠠᠬᠤᠢ ᠶᠢᠨ ᠮᠠᠰᠢᠨᠴᠢᠯᠠᠯᠲᠠ ᠶᠢᠨ ᠪᠦᠭᠦ ᠶᠠᠪᠤᠴᠠ ᠳᠤ ᠪᠦᠭᠦ ᠲᠠᠯ᠎ᠠ ᠪᠠᠷ ᠴᠢᠨᠠᠷ ᠰᠠᠶᠢᠲᠠᠢ ᠥᠨᠳᠥᠷ ᠪᠦᠲᠦᠮᠵᠢᠲᠡᠢ | ᠬᠥᠭᠵᠢᠬᠦ ᠶᠢ ᠬᠥᠲᠥᠯᠥᠨ ᠵᠢᠯᠤᠭᠤᠳᠴᠤ ᠲᠦᠯᠬᠢᠨ ᠠᠬᠢᠭᠤᠯᠬᠤ ᠬᠡᠷᠡᠭᠲᠡᠢ᠃ | ᠵᠢᠷᠭᠤᠳᠤᠭᠠᠷ ᠪᠦᠯᠦᠭ ᠡᠵᠡᠩᠨᠡᠯᠲᠡ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ | ᠲᠠᠪᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ | ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠡᠶᠢᠭᠡᠮᠴᠢᠯᠡᠭᠰᠡᠨ | ᠦᠢᠯᠡᠴᠢᠯᠡᠭᠡ ᠶᠢ ᠴᠢᠩᠭᠠᠳᠬᠠᠨ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ | ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠲᠠᠪᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠬᠤ ᠮᠠᠯᠵᠢᠬᠤ ᠣᠷᠣᠨ ᠤ ᠭᠠᠵᠠᠷ | ᠰᠢᠷᠣᠢ᠂ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠪᠠ | ᠦᠢᠯᠡᠴᠢᠯᠡᠭᠡ ᠶᠢ ᠴᠢᠩᠭᠠᠳᠬᠠᠵᠤ᠂ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠬᠠᠤᠯᠢ | ᠶᠣᠰᠣᠭᠠᠷ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠬᠤ ᠶᠢ ᠬᠥᠲᠥᠯᠥᠨ ᠵᠢᠯᠤᠭᠤᠳᠴᠤ ᠳᠡᠮᠵᠢᠵᠦ᠂ | ᠳᠠᠭᠠᠭᠠᠴᠢᠯᠠᠭᠰᠠᠨ ᠲᠠᠷᠢᠶᠠᠯᠠᠬᠤ ᠮᠠᠯᠵᠢᠬᠤ ᠡᠷᠦᠭᠡ ᠶᠢᠨ ᠰᠠᠶᠢᠨ ᠳᠤᠷ᠎ᠠ ᠶᠢᠨ ᠤᠷᠢᠲᠠᠯ ᠳᠣᠣᠷ᠎ᠠ ᠣᠯᠠᠨ ᠵᠦᠢᠯ ᠤᠨ | ᠭᠡᠯᠪᠡᠷᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠵᠣᠷᠢᠭᠵᠢᠭᠤᠯᠬᠤ ᠭᠡᠷᠡᠭᠲᠡᠢ᠃ ᠠᠵᠤ | ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢ ᠡᠷᠭᠢᠯᠲᠡ ᠳᠤ ᠣᠷᠣᠭᠤᠯᠬᠤ | ᠪᠠᠷ ᠳᠡᠮᠵᠢᠨ ᠣᠯᠣᠭᠰᠠᠨ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠬᠢᠷᠢ ᠭᠡᠮ ᠢ | ᠬᠢᠨᠠᠨ ᠪᠠᠶᠢᠴᠠᠭᠠᠬᠤ᠂ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠲᠦᠭᠰᠢᠭᠦᠷᠢ ᠶᠢ ᠰᠡᠷᠭᠡᠶᠢᠯᠡᠬᠦ ᠳᠦᠷᠢᠮ ᠢ | ᠪᠦᠷᠢᠨᠰᠢᠭᠦᠯᠬᠦ ᠭᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ | ᠵᠠᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ | ᠲᠠᠷᠢᠶᠠᠴᠢᠨ ᠮᠠᠯᠴᠢᠨ ᠤ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ | ᠣᠷᠣᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢ ᠵᠣᠬᠢᠶᠠᠨ ᠪᠠᠶᠢᠭᠤᠯᠤᠨ ᠬᠥᠭᠵᠢᠭᠦᠯᠵᠦ᠂ ᠲᠠᠷᠢᠶᠠᠯᠠᠬᠤ | ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠠᠵᠢᠯᠯᠠᠭᠠᠨ ᠤ | ᠲᠣᠭᠲᠠᠴᠠ ᠪᠣᠯᠣᠨ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ᠂ ᠡᠬᠢ ᠪᠠᠶᠠᠯᠢᠭ ᠢ | ᠳᠠᠭᠠᠭᠠᠴᠢᠯᠠᠭᠤᠯᠬᠤ᠂ ᠠᠳᠠᠯ ᠠᠬᠤᠢ ᠶᠢ ᠲᠦᠷᠢᠶᠡᠰᠦᠯᠡᠭᠦᠯᠬᠦ᠂ ᠰᠠᠭᠤᠭᠠᠯᠢ ᠡᠷᠦᠭᠡ ᠶᠢᠨ ᠬᠤᠭᠤᠷᠣᠨᠳᠤᠭᠢ | ᠦᠢᠯᠡᠴᠢᠯᠡᠭᠡ᠂ ᠡᠳ᠋ ᠬᠥᠷᠥᠩᠭᠡ ᠶᠢᠨ ᠬᠡᠷᠡᠭᠯᠡᠬᠦ ᠡᠷᠬᠡ ᠪᠠᠷ ᠬᠤᠪᠢ ᠣᠷᠣᠬᠤ ᠵᠡᠷᠭᠡ ᠲᠦᠭᠰᠢᠭᠦᠷᠢ ᠪᠠᠷ ᠨᠡᠯᠢᠶᠡᠳ | ᠪᠠᠭ᠎ᠠ᠂ ᠠᠰᠢᠭ ᠣᠷᠣᠯᠭ᠎ᠠ ᠨᠢ ᠲᠣᠭᠲᠠᠪᠤᠷᠢᠲᠠᠢ ᠡᠵᠡᠩᠨᠡᠯᠲᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠬᠦ | ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠬᠢᠨᠠᠨ ᠬᠠᠮᠢᠶᠠᠷᠬᠤ | ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ | ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠯᠠᠪᠳᠠᠭᠤᠨ | ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠤᠯᠤᠰ ᠪᠠ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠴᠢᠨ ᠮᠠᠯᠴᠢᠨ ᠤ ᠠᠰᠢᠭ ᠲᠤᠰᠠ ᠶᠢ ᠬᠠᠮᠲᠤ ᠳᠤ ᠨᠢ | ᠬᠠᠷᠠᠭᠠᠯᠵᠠᠭᠰᠠᠨ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠪᠦᠲᠦᠮᠵᠢᠲᠡᠢ ᠲᠣᠬᠢᠷᠠᠭᠤᠯᠬᠤ | ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ᠲᠠᠪᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ | ᠮᠠᠯᠵᠢᠬᠤ ᠣᠷᠣᠨ ᠤ ᠡᠬᠢ ᠪᠠᠶᠠᠯᠢᠭ ᠪᠠ ᠠᠮᠢ ᠠᠬᠤᠢ ᠶᠢᠨ ᠳᠠᠪᠠᠭᠤᠯᠢᠭ ᠢ ᠠᠰᠢᠭᠯᠠᠵᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠬᠥᠭᠵᠢᠭᠦᠯᠦᠨ | ᠪᠣᠶᠢᠵᠢᠭᠤᠯᠵᠤ᠂ ᠲᠣᠰ ᠭᠠᠵᠠᠷ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ ᠪᠠ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠤᠨ᠂ ᠡᠬᠢ ᠪᠠᠶᠠᠯᠢᠭ ᠢ ᠨᠡᠶᠢᠳᠬᠡᠨ ᠨᠡᠶᠢᠯᠡᠭᠦᠯᠬᠦ ᠶᠢ ᠴᠢᠩᠭᠠᠷᠠᠭᠤᠯᠵᠤ᠂ ᠳᠠᠷᠢᠵᠤ ᠲᠡᠵᠢᠭᠡᠬᠦ ᠡᠳ᠋ᠰᠢᠭᠦᠯᠬᠦ ᠶᠢ | ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠂ ᠠᠵᠤ | ᠠᠬᠤᠶᠢᠯᠠᠯ ᠤᠨ ᠵᠢᠷᠤᠮᠵᠢᠬᠰᠠᠨ᠂ ᠲᠦᠷᠦᠯ ᠲᠡᠮᠳᠡᠭᠵᠢᠭᠰᠡᠨ᠂ ᠲᠣᠭᠠᠵᠢᠭᠤᠯᠤᠭᠰᠠᠨ᠂ ᠵᠠᠬ᠎ᠠ ᠳᠡᠯᠭᠡᠭᠦᠷᠴᠢᠯᠡᠭᠰᠡᠨ | ᠬᠥᠭᠵᠢᠯᠲᠡ ᠶᠢ ᠳᠡᠮᠵᠢᠬᠦ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠴᠢᠨ | ᠮᠠᠯᠴᠢᠨ ᠤ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠭᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠨ ᠬᠥᠭᠵᠢᠭᠦᠯᠵᠦ᠂ ᠲᠠᠷᠢᠶᠠᠴᠢᠨ | ᠮᠠᠯᠴᠢᠨ ᠤ ᠲᠤᠰᠬᠠᠢ ᠬᠤᠷᠰᠢᠶ᠎ᠠ ᠶᠢᠨ ᠠᠵᠤ ᠠᠬᠤᠶᠢᠯᠠᠯ ᠡᠷᠭᠢᠯᠡᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠡᠳ᠋ᠰᠢᠭᠦᠯᠦᠯᠲᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠰᠢᠨ᠎ᠡ ᠭᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠵᠢᠯᠤᠭᠤᠳᠬᠤ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠰᠢᠭ ᠲᠤᠰᠠ ᠪᠠᠷ ᠬᠤᠯᠪᠣᠭᠠᠯᠠᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠲᠥᠴᠢ ᠠᠵᠤ ᠠᠬᠤᠶᠢᠯᠠᠯ ᠬᠥᠲᠥᠯᠥᠨ ᠳᠠᠭᠠᠭᠤᠯᠤᠭᠰᠠᠨ᠂ ᠲᠠᠷᠢᠶᠠᠴᠢᠨ | ᠮᠠᠯᠴᠢᠨ ᠤ ᠲᠤᠰᠬᠠᠢ ᠠᠵᠢᠯ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠳᠠᠭᠠᠵᠤ | ᠤᠷᠤᠭᠰᠢᠯᠠᠭᠰᠠᠨ᠂ ᠲᠠᠷᠢᠶᠠᠴᠢᠨ ᠮᠠᠯᠴᠢᠨ ᠡᠷᠦᠭᠡ ᠣᠷᠣᠯᠴᠠᠬᠰᠠᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ | ᠲᠠᠪᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠪᠣᠶᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠢᠯ ᠲᠥᠷᠥᠯ ᠤᠨ ᠵᠢᠯᠣᠭᠤᠳᠤᠯᠭ᠎ᠠ ᠶᠢ ᠴᠢᠩᠭᠠᠳᠬᠠᠨ᠂ | ᠦᠢᠯᠡᠳᠪᠦᠷᠢᠯᠡᠯ ᠤᠨ ᠡᠯᠧᠮᠧᠨ᠋ᠲ ᠢ ᠵᠦᠢ ᠵᠣᠬᠢᠰᠲᠠᠢ ᠲᠣᠬᠢᠷᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠦᠢᠯᠡᠴᠢᠯᠡᠭᠡᠨ ᠤ ᠪᠠᠷᠢᠮᠵᠢᠶ᠎ᠠ ᠪᠣᠯᠣᠨ ᠵᠢᠷᠤᠮᠵᠢᠯ ᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ | ᠶᠢᠨ ᠲᠤᠰᠬᠠᠢ ᠠᠵᠢᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠦᠭᠦ ᠰᠢᠶᠠᠩ᠂ ᠪᠦᠭᠦ | ᠲᠣᠰᠬᠤᠨ ᠢᠶᠠᠷ ᠢᠶᠠᠨ ᠲᠥᠪᠯᠡᠷᠡᠨ ᠵᠠᠯᠭᠠᠯᠳᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠤᠨ ᠳᠡᠮᠵᠢᠵᠦ᠂ ᠣᠷᠣᠯᠠᠨ ᠳᠠᠷᠢᠵᠤ ᠣᠷᠣᠯᠠᠨ ᠲᠡᠵᠢᠭᠡᠬᠦ᠂ ᠣᠷᠣᠯᠠᠨ ᠬᠠᠮᠢᠶᠠᠷᠴᠤ ᠣᠷᠣᠯᠠᠨ | ᠬᠤᠷᠢᠶᠠᠬᠤ᠂ ᠪᠦᠭᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠭᠡ ᠪᠠᠷ | ᠬᠥᠭᠵᠢᠭᠦᠯᠵᠦ᠂ ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ ᠡᠵᠡᠩᠨᠡᠬᠦ ᠪᠠ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠵᠠᠭᠪᠤᠷ ᠢ ᠳᠡᠯᠭᠡᠷᠡᠭᠦᠯᠦᠨ᠂ ᠣᠷᠣᠨ ᠪᠦᠰᠡ ᠶᠢᠨ ᠴᠢᠨᠠᠷᠲᠠᠢ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠥᠪᠡᠷ ᠤᠨ | ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠠᠰᠠᠭ ᠤᠨ | ᠣᠷᠳᠣᠨ ᠤ ᠦᠢᠯᠡᠴᠢᠯᠡᠭᠡᠨ ᠤ ᠦᠢᠯᠡᠳᠦᠯ ᠪᠠ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠣᠭᠠᠵᠢᠭᠤᠯᠤᠭᠰᠠᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ | ᠪᠠ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠰᠬᠤᠨ ᠠᠴᠠ | ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠡᠯᠧᠺᠲᠷᠣᠨ ᠬᠤᠳᠠᠯᠳᠤᠭ᠎ᠠ ᠪᠠᠷ ᠰᠢᠭᠤᠳ ᠬᠤᠳᠠᠯᠳᠤᠨ ᠠᠪᠬᠤ᠂ ᠵᠠᠬᠢᠶᠠᠯᠠᠭ᠎ᠠ ᠳᠤ | ᠵᠣᠬᠢᠴᠠᠭᠤᠯᠤᠨ ᠦᠢᠯᠡᠳᠪᠦᠷᠢᠯᠡᠬᠦ ᠵᠡᠷᠭᠡ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠠᠭᠤᠷᠢᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠡᠶ᠎ᠡ ᠪᠠᠨ ᠳᠠᠭᠠᠭᠠᠭᠰᠠᠨ ᠦᠵᠦᠭᠦᠷᠯᠢᠭ ᠪᠣᠷᠤᠯᠠᠭᠤᠯᠭ᠎ᠠ ᠶᠢᠨ | ᠰᠦᠯᠵᠢᠶᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠪᠣᠷᠤᠯᠠᠭᠤᠯᠭ᠎ᠠ ᠪᠠᠷ ᠦᠢᠯᠡᠳᠪᠦᠷᠢᠯᠡᠯ ᠢ ᠠᠬᠢᠭᠤᠯᠵᠤ᠂ | ᠦᠢᠯᠡᠳᠪᠦᠷᠢᠯᠡᠯ ᠪᠣᠷᠤᠯᠠᠭᠤᠯᠭ᠎ᠠ ᠶᠢ ᠬᠤᠯᠪᠣᠯᠳᠤᠭᠤᠯᠤᠨ ᠬᠥᠳᠡᠯᠦᠯᠴᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠲᠣᠭᠲᠠᠪᠤᠷᠢᠲᠠᠢ ᠵᠠᠮ ᠮᠥᠷ ᠢ ᠪᠤᠢ ᠪᠤᠯᠭᠠᠬᠤ ᠬᠡᠷᠡᠭᠲᠡᠢ᠃ | ᠳᠣᠯᠣᠳᠤᠭᠠᠷ ᠪᠦᠯᠦᠭ ᠪᠣᠬᠢᠷᠳᠤᠯ ᠦᠭᠡᠢ ᠬᠥᠭᠵᠢᠯᠲᠡ ᠶᠢᠨ ᠲᠣᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ | ᠲᠠᠪᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠥᠨᠳᠥᠷ ᠪᠦᠲᠦᠮᠵᠢᠲᠡᠢ | ᠲᠠᠷᠢᠶᠠᠯᠠᠩ ᠪᠠ ᠠᠮᠢ ᠠᠬᠤᠢ ᠶᠢᠨ ᠮᠠᠯ ᠠᠵᠤ ᠠᠬᠤᠢ ᠶᠢ ᠬᠥᠭᠵᠢᠭᠦᠯᠵᠦ᠂ ᠭᠠᠷᠤᠯᠲᠠ ᠶᠢᠨ ᠣᠷᠣᠨ ᠤ ᠣᠷᠴᠢᠨ | ᠲᠣᠭᠤᠷᠢᠨ ᠢ ᠴᠡᠪᠡᠷᠰᠢᠭᠦᠯᠬᠦ ᠶᠢ ᠠᠬᠢᠭᠤᠯᠤᠨ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ | ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ | ᠬᠥᠭᠵᠢᠯᠲᠡ ᠶᠢᠨ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠤᠰᠤᠨ ᠤ ᠡᠬᠢ ᠪᠠᠶᠠᠯᠢᠭ ᠪᠣᠯᠣᠨ | ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠᠷ ᠬᠠᠲᠠᠭᠤ ᠬᠢᠵᠠᠭᠠᠷᠯᠠᠯ ᠪᠣᠯᠭᠠᠨ᠂ ᠤᠰᠤᠨ ᠤ ᠬᠡᠮᠵᠢᠶ᠎ᠡ ᠪᠠᠷ | ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠢ | ᠬᠡᠮᠵᠢᠶ᠎ᠡ ᠪᠣᠯᠣᠨ ᠬᠦᠴᠦᠯᠡᠴᠡ ᠶᠢ ᠵᠡᠷᠭᠡ ᠪᠠᠷ ᠬᠢᠵᠠᠭᠠᠷᠯᠠᠬᠤ ᠳᠦᠷᠢᠮ ᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ᠂ ᠭᠦᠶᠦᠬᠡᠨ ᠪᠤᠯᠠᠵᠤ ᠳᠤᠰᠤᠯᠠᠭᠠᠨ ᠤᠰᠤᠯᠠᠬᠤ᠂ ᠪᠦᠷᠬᠦᠪᠴᠢ ᠶᠢᠨ ᠳᠣᠣᠷ᠎ᠠ ᠳᠤᠰᠤᠯᠠᠭᠠᠨ | ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠪᠣᠯᠣᠨ ᠭᠠᠩ ᠬᠠᠭᠰᠠᠷᠠᠭᠠᠨ ᠳᠤ | ᠳᠠᠭᠠᠭᠠᠴᠠᠲᠠᠢ ᠲᠥᠷᠥᠯ ᠵᠦᠢᠯ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠦᠷ᠎ᠡ | ᠠᠰᠢᠭ ᠢ ᠳᠡᠭᠡᠭᠰᠢᠯᠡᠭᠦᠯᠭᠦ ᠬᠡᠷᠡᠭᠲᠡᠢ᠃ | ᠵᠢᠷᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠠᠷᠢᠶᠠᠨ ᠭᠠᠵᠠᠷ ᠢ ᠡᠭᠡᠯᠵᠢᠯᠡᠨ ᠳᠠᠷᠢᠬᠤ᠂ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠬᠤ᠂ ᠬᠥᠷᠥᠰᠥ ᠶᠢ ᠬᠡᠮᠵᠢᠨ ᠪᠣᠷᠳᠣᠭᠤᠷ ᠲᠣᠬᠢᠷᠠᠭᠤᠯᠬᠤ᠂ ᠨᠢᠭᠡᠳᠦᠯᠲᠡᠢ ᠰᠡᠷᠭᠡᠶᠢᠯᠡᠨ ᠵᠠᠰᠠᠬᠤ ᠪᠠ | ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ | ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠶᠢ ᠠᠬᠢᠭᠤᠯᠵᠤ᠂ ᠲᠠᠷᠢᠶᠠᠯᠠᠩ ᠤᠨ ᠣᠷᠣᠭᠤᠯᠤᠯᠲᠠ | ᠡᠳ᠋ ᠤᠨ ᠪᠣᠭᠤᠳᠠᠯ ᠤᠨ ᠬᠠᠶᠠᠭᠳᠠᠮᠠᠯ ᠪᠣᠳᠠᠰ ᠪᠠ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠭᠦᠯ ᠢ | ᠬᠡᠷᠡᠭᠯᠡᠬᠦ᠂ ᠡᠭᠡᠭᠦᠯᠦᠨ ᠬᠤᠷᠢᠶᠠᠬᠤ᠂ ᠳᠠᠭᠢᠨ ᠠᠰᠢᠭᠯᠠᠬᠤ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠮᠤ | ᠰᠢᠶᠠᠩ ᠪᠠᠯᠭᠠᠰᠤᠨ ᠤ ᠲᠠᠷᠢᠶᠠᠯᠠᠩ ᠤᠨ ᠣᠷᠣᠭᠤᠯᠤᠯᠲᠠ ᠡᠳ᠋ ᠤᠨ ᠪᠣᠭᠤᠳᠠᠯ ᠤᠨ ᠬᠠᠶᠠᠭᠳᠠᠮᠠᠯ ᠪᠣᠳᠠᠰ ᠪᠠ | ᠬᠠᠶᠠᠭᠳᠠᠮᠠᠯ ᠬᠠᠭᠤᠴᠢᠨ ᠲᠠᠷᠢᠶᠠᠯᠠᠩ ᠤᠨ ᠨᠢᠮᠭᠡᠨ ᠰᠦᠯᠢᠶᠥᠦ ᠪᠦᠷᠬᠦᠭᠦᠯ ᠢ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ᠂ | ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠴᠡᠭ ᠢ ᠵᠢᠯᠣᠭᠤᠳᠤᠨ ᠪᠠᠶᠢᠭᠤᠯᠵᠤ᠂ ᠲᠠᠷᠢᠮᠠᠯ ᠤᠨ ᠡᠰᠢ ᠰᠦᠷᠡᠯ᠂ | ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ | ᠲᠠᠷᠢᠶᠠᠯᠠᠩ ᠤᠨ ᠬᠥᠷᠥᠰᠥᠨ ᠤ ᠪᠣᠬᠢᠷᠳᠤᠯ ᠢ ᠪᠦᠲᠦᠮᠵᠢᠲᠡᠢ ᠵᠠᠰᠠᠵᠤ᠂ ᠭᠠᠷᠤᠯᠲᠠ ᠶᠢᠨ ᠣᠷᠣᠨ ᠤ ᠣᠷᠴᠢᠨ | ᠲᠣᠭᠤᠷᠢᠨ ᠢ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃ | ᠵᠢᠷᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠶᠢ ᠲᠣᠭᠲᠠᠭᠠᠨ | ᠮᠠᠯᠵᠢᠬᠤ ᠶᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ | ᠰᠡᠷᠭᠡᠶᠢᠯᠡᠬᠦ ᠭᠡᠷᠡᠭᠲᠡᠢ᠃ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠳᠤ ᠳᠠᠷᠢᠵᠤ ᠲᠡᠵᠢᠭᠡᠬᠦ ᠶᠢ | ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢ ᠤᠷᠴᠢᠯᠳᠤᠭᠤᠯᠬᠤ ᠵᠠᠭᠪᠤᠷ ᠢ ᠬᠡᠷᠡᠭᠵᠢᠭᠦᠯᠬᠦ ᠬᠡᠷᠡᠭᠲᠡᠢ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠴᠦ ᠱᠠᠩᠨᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠲᠣᠥᠷᠵᠢᠭᠤᠯᠤᠬᠰᠠᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ | ᠲᠦᠯᠬᠢᠨ ᠠᠬᠢᠭᠤᠯᠬᠤ ᠬᠡᠷᠡᠭᠲᠡᠢ᠃ | ᠵᠢᠷᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠢ ᠶᠢᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠨᠢ ᠬᠦᠷᠭᠡᠬᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠶᠢ | ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠨ ᠬᠤᠷᠠᠭᠤᠯᠬᠤ ᠶᠢ ᠨᠡᠮᠡᠭᠳᠡᠭᠦᠯᠬᠦ ᠭᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠂ ᠲᠠᠷᠢᠶᠠᠨ ᠭᠠᠵᠠᠷ ᠤᠨ | ᠨᠡᠭᠦᠷᠡᠰᠦᠲᠥ᠋ᠷᠥᠭᠴᠢ ᠶᠢ ᠨᠥᠭᠡᠴᠡᠯᠡᠵᠦ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ | ᠴᠢᠩᠭᠠᠷᠠᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠨᠡᠭᠦᠷᠡᠰᠦᠲᠥ᠋ᠷᠥᠭᠴᠢ ᠪᠠᠭᠠᠲᠠᠢ ᠪᠠᠶᠢᠯᠭᠠᠬᠤ ᠪᠠ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ | ᠵᠢᠷᠠᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠣᠷᠣᠭᠤᠯᠤᠯᠲᠠ ᠡᠳ᠋ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠪᠠᠨ ᠴᠢᠩᠭᠠᠷᠠᠭᠤᠯᠤᠨ᠂ | ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤᠨ ᠤ ᠬᠢᠨᠠᠨ ᠬᠠᠮᠢᠶᠠᠷᠴᠤ ᠬᠢᠨᠠᠨ ᠬᠡᠮᠵᠢᠬᠦ ᠴᠢᠳᠠᠪᠤᠷᠢ ᠶᠢᠨ | ᠪᠠᠶᠢᠭᠤᠯᠤᠯᠲᠠ ᠶᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠣᠥᠷᠵᠢᠭᠤᠯᠤᠬᠰᠠᠨ ᠬᠠᠮᠢᠶᠠᠷᠤᠯᠲᠠ ᠶᠢ ᠬᠡᠷᠡᠭᠵᠢᠭᠦᠯᠦᠨ᠂ | ᠲᠠᠷᠢᠶᠠᠯᠠᠩ ᠪᠠ ᠮᠠᠯ ᠤᠨ ᠡᠮ ᠢ ᠰᠢᠭᠰᠢᠨ ᠪᠠᠶᠢᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠢᠲᠡᠭᠡᠮᠵᠢ᠂ ᠣᠶᠤᠨᠴᠢ | ᠪᠠᠷ ᠡᠨᠧᠷᠭᠢ ᠣᠯᠭᠤᠬᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠂ ᠪᠠᠷᠢᠮᠵᠢᠶ᠎ᠠ ᠳᠤ ᠬᠦᠷᠬᠦ ᠪᠠᠷ ᠠᠮᠠᠯᠳᠠᠭᠰᠠᠨ ᠦᠨᠡᠮᠯᠡᠯ ᠤᠨ ᠳᠦᠷᠢᠮ ᠢ | ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ | ᠮᠥᠷᠳᠡᠵᠦ ᠪᠤᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠶᠢᠵᠢᠭᠤᠯᠤᠨ ᠭᠡᠷᠡᠴᠢᠯᠡᠬᠦ ᠪᠠ ᠭᠠᠵᠠᠷ ᠣᠷᠣᠨ ᠤ ᠢᠯᠡᠳᠬᠡᠮᠵᠢ ᠲᠠᠢ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠠᠮᠠᠭᠠᠯᠠᠬᠤ ᠪᠠ ᠬᠥᠭᠵᠢᠭᠦᠯᠬᠦ ᠶᠢ ᠠᠬᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠡᠮᠵᠢᠶ᠎ᠡ ᠶᠢ | ᠳᠡᠭᠡᠭᠰᠢᠯᠡᠭᠦᠯᠭᠦ ᠬᠡᠷᠡᠭᠲᠡᠢ᠃ | ᠵᠢᠷᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ | ᠪᠦᠷᠢᠨᠰᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ | ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢᠲᠠᠨ ᠤ ᠬᠢᠵᠢᠭ | ᠡᠪᠡᠳᠴᠢᠨ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠥᠮᠥᠨ ᠮᠠᠯ ᠳᠤ ᠵᠡᠷᠭᠡ ᠪᠠᠷ ᠬᠠᠯᠳᠠᠪᠤᠷᠢᠯᠠᠬᠤ ᠡᠪᠡᠳᠴᠢᠨ ᠢ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠲᠠᠨ᠂ ᠠᠮᠢᠲᠠᠨ ᠤ | ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠶᠢ ᠴᠢᠩᠭᠠᠷᠠᠭᠤᠯᠵᠤ᠂ ᠣᠨᠴᠠ ᠲᠣᠭᠲᠠᠭᠠᠭᠰᠠᠨ ᠠᠮᠢᠲᠠᠨ᠂ ᠠᠮᠢᠲᠠᠨ ᠤ | ᠪᠦᠲᠦᠭᠡᠭᠳᠡᠬᠦᠨ ᠢ ᠠᠮᠢᠲᠠᠨ ᠤ ᠬᠢᠵᠢᠭ ᠡᠪᠡᠳᠴᠢᠨ ᠤ ᠠᠶᠤᠯ ᠲᠦᠭᠰᠢᠭᠦᠷᠢ ᠶᠡᠬᠡᠲᠡᠢ ᠣᠷᠣᠨ ᠠᠴᠠ ᠠᠶᠤᠯ | ᠲᠦᠭᠰᠢᠭᠦᠷᠢ ᠪᠠᠭᠠᠲᠠᠢ ᠣᠷᠣᠨ ᠲᠡᠶᠢᠰᠢ ᠰᠢᠯᠵᠢᠭᠦᠯᠦᠨ ᠲᠡᠭᠡᠭᠡᠪᠦᠷᠢᠯᠡᠬᠦ ᠶᠢ ᠬᠠᠤᠯᠢ ᠶᠣᠰᠣᠭᠠᠷ ᠴᠠᠭᠠᠵᠠᠯᠠᠬᠤ ᠪᠤᠶᠤ | ᠬᠢᠵᠠᠭᠠᠷᠯᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ | ᠨᠠᠢᠮᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠢᠷᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ | ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ | ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ᠃ | ᠵᠢᠷᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠮᠥᠩᠭᠦ ᠶᠢᠨ ᠣᠷᠣᠭᠤᠯᠤᠯᠲᠠ ᠶᠢ ᠡᠩ ᠲᠡᠷᠢᠭᠦᠨ ᠳᠤ | ᠪᠠᠲᠤᠯᠠᠵᠤ᠂ ᠭᠠᠵᠠᠷ ᠬᠡᠷᠡᠭᠯᠡᠬᠦ᠂ ᠴᠠᠭᠢᠯᠭᠠᠨ ᠬᠡᠷᠡᠭᠯᠡᠬᠦ᠂ ᠤᠰᠤ ᠬᠡᠷᠡᠭᠯᠡᠬᠦ ᠪᠠ ᠵᠠᠮ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠲᠠᠷᠢᠶᠠᠴᠢᠨ ᠮᠠᠯᠴᠢᠨ ᠳᠤ | ᠬᠠᠷᠠᠭᠠᠯᠵᠠᠯ ᠦᠵᠡᠭᠦᠯᠭᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠡᠯᠧᠮᠧᠨ᠋ᠲ ᠤᠨ | ᠣᠷᠣᠭᠤᠯᠤᠯᠲᠠ ᠶᠢᠨ ᠥᠪᠡᠷ ᠤᠨ ᠥᠷᠳᠡᠭ ᠢ ᠪᠠᠭᠤᠷᠠᠭᠤᠯᠬᠤ ᠬᠡᠷᠡᠭᠲᠡᠢ᠃ | ᠵᠢᠷᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠲᠥᠷᠥ ᠶᠢᠨ ᠪᠣᠳᠣᠯᠭ᠎ᠠ ᠲᠣᠭᠲᠠᠭᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠢᠶᠠᠷ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠭᠤᠯᠤᠯᠲᠠ ᠬᠢᠭᠡᠳ ᠪᠡᠯᠡ ᠮᠥᠩᠭᠦ ᠶᠢ | ᠨᠡᠶᠢᠯᠡᠭᠦᠯᠬᠦ ᠶᠢ ᠴᠢᠩᠭᠠᠷᠠᠭᠤᠯᠤᠨ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ | ᠴᠢᠷᠮᠠᠶᠢᠨ ᠣᠯᠵᠤ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ᠂ ᠬᠥᠯᠳᠡᠭᠦᠦ ᠪᠠᠷᠠᠭᠠᠨ ᠤ ᠭᠦᠢᠯᠭᠡᠭᠡᠨ ᠵᠡᠷᠭᠡ | ᠲᠥᠷᠥᠯ ᠵᠦᠢᠯ ᠳᠤ ᠳᠡᠮᠵᠢᠯᠭᠡ ᠦᠵᠡᠭᠦᠯᠭᠦ ᠬᠡᠷᠡᠭᠲᠡᠢ᠃ | ᠵᠢᠷᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠣᠯᠠᠨ ᠳᠡᠰ ᠳᠠᠪᠬᠤᠷᠭ᠎ᠠ ᠲᠠᠢ᠂ ᠥᠷᠭᠡᠨ | ᠪᠦᠷᠬᠦᠴᠡ ᠲᠠᠢ᠂ ᠦᠷᠭᠦᠯᠵᠢᠯᠡᠬᠦ ᠴᠢᠨᠠᠷᠲᠠᠢ ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ | ᠰᠢᠨ᠎ᠡ ᠶᠢ ᠡᠭᠦᠳᠴᠦ᠂ ᠲᠠᠷᠢᠶᠠᠯᠠᠬᠤ ᠮᠠᠯᠵᠢᠬᠤ ᠡᠷᠦᠭᠡ ᠶᠢᠨ ᠪᠠᠭ᠎ᠠ ᠲᠣᠭᠠᠨ ᠤ ᠨᠡᠶᠢᠳᠡᠮ ᠬᠠᠷᠠᠭᠠᠯᠵᠠᠯᠲᠤ ᠵᠢᠭᠡᠯᠡᠯᠭᠡ | ᠶᠢ ᠳᠡᠯᠭᠡᠷᠡᠭᠦᠯᠦᠨ᠂ ᠬᠦᠯᠡᠮᠵᠢ ᠶᠢᠨ ᠰᠠᠷᠠᠪᠴᠢ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠲᠣᠮᠣ ᠭᠡᠯᠪᠡᠷᠢ ᠶᠢᠨ | ᠲᠠᠷᠢᠶᠠᠯᠠᠩ ᠤᠨ ᠮᠠᠰᠢᠨ᠂ ᠳᠠᠭᠠᠳᠬᠠᠯ ᠤᠨ ᠬᠠᠭᠤᠳᠠᠰᠤ ᠵᠠᠬᠢᠶᠠᠯᠠᠭ᠎ᠠ ᠶᠢᠨ ᠬᠠᠭᠤᠳᠠᠰᠤ ᠬᠥᠮᠥᠷᠭᠡ ᠶᠢᠨ ᠬᠠᠭᠤᠳᠠᠰᠤ᠂ | ᠠᠮᠢᠳᠤ ᠪᠣᠳᠠᠰ ᠤᠨ ᠠᠮᠢᠲᠠᠢ ᠪᠡᠶ᠎ᠡ ᠵᠡᠷᠭᠡ ᠪᠠᠷ ᠪᠠᠷᠢᠴᠠᠭᠠᠯᠠᠵᠤ᠂ ᠳᠠᠨᠵᠢᠯᠠᠭᠰᠠᠨ ᠵᠢᠭᠡᠯᠡᠯᠭᠡ ᠶᠢᠨ ᠬᠠᠮᠤᠷᠬᠤ ᠬᠡᠪᠴᠢᠶ᠎ᠡ | ᠶᠢ ᠥᠷᠭᠡᠳᠬᠡᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠩ ᠣᠯᠠᠨ ᠡᠬᠢ ᠪᠠᠶᠠᠯᠢᠭ ᠢ | ᠬᠥᠳᠡᠭᠡ ᠲᠣᠰᠬᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠤ | ᠲᠣᠬᠢᠷᠠᠭᠤᠯᠬᠤ ᠶᠢ ᠵᠣᠷᠢᠭᠵᠢᠭᠤᠯᠤᠨ᠎ᠠ᠃ | ᠵᠢᠷᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠮᠥᠩᠭᠦᠨ ᠭᠦᠢᠯᠭᠡᠭᠡᠨ ᠤ ᠳᠠᠭᠠᠭᠠᠯᠲᠠ ᠪᠠᠷ ᠳᠡᠮᠵᠢᠬᠦ ᠶᠢ | ᠴᠢᠩᠭᠠᠳᠬᠠᠵᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠮᠠᠯ | ᠠᠵᠤ ᠠᠬᠤᠢ ᠶᠢᠨ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠮᠥᠩᠭᠦᠨ ᠭᠦᠢᠯᠭᠡᠭᠡᠨ ᠤ | ᠬᠥᠷᠥᠩᠭᠡ ᠪᠠᠷ ᠳᠡᠮᠵᠢᠬᠦ ᠡᠷᠴᠢᠮ ᠢ ᠨᠡᠮᠡᠭᠳᠡᠭᠦᠯᠬᠦ ᠬᠡᠷᠡᠭᠲᠡᠢ᠃ | ᠳᠠᠯᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠣᠯᠠᠨ ᠲᠠᠰ ᠳᠠᠪᠬᠤᠷᠭ᠎ᠠ ᠶᠢᠨ ᠲᠠᠷᠢᠶᠠᠯᠠᠩ ᠮᠠᠯ | ᠠᠵᠤ ᠠᠬᠤᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ | ᠠᠬᠤᠢ ᠳᠤ ᠬᠤᠯᠪᠣᠭᠳᠠᠬᠤ ᠡᠪᠡᠰᠦ ᠪᠡᠯᠴᠢᠭᠡᠷ ᠲᠤ ᠬᠤᠯᠪᠣᠭᠳᠠᠬᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠬᠤᠳᠠᠯᠳᠤᠭᠠᠨ ᠤ ᠴᠢᠨᠠᠷᠲᠠᠢ ᠳᠠᠭᠠᠳᠬᠠᠯ ᠤᠨ ᠺᠤᠮᠫᠠᠨᠢ ᠶᠢᠨ ᠲᠠᠷᠢᠶᠠᠯᠠᠩ ᠮᠠᠯ ᠠᠵᠤ ᠠᠬᠤᠢ | ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠴᠢᠨ ᠮᠠᠯᠴᠢᠨ ᠪᠣᠯᠣᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠯᠴᠠᠨ ᠬᠠᠮᠲᠤᠷᠠᠯᠴᠠᠬᠤ | ᠳᠠᠭᠠᠳᠬᠠᠯ ᠢ ᠬᠠᠤᠯᠢ ᠶᠣᠰᠣᠭᠠᠷ ᠥᠷᠨᠢᠭᠦᠯᠬᠦ ᠶᠢ ᠳᠡᠮᠵᠢᠵᠦ᠂ ᠳᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠠᠭᠠᠳᠬᠠᠯ ᠤᠨ | ᠵᠠᠷᠤᠳᠠᠯ ᠳᠤ ᠨᠥᠬᠦᠪᠦᠷᠢ ᠥᠭᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ ᠳᠠᠭᠠᠳᠬᠠᠯ ᠤᠨ | ᠪᠠᠶᠢᠭᠤᠯᠤᠮᠵᠢ ᠶᠢᠨ ᠳᠠᠭᠠᠳᠬᠠᠯ ᠤᠨ ᠲᠥᠷᠥᠯ ᠵᠦᠢᠯ ᠢ ᠵᠣᠬᠢᠰᠲᠠᠢ ᠨᠡᠮᠡᠭᠳᠡᠭᠦᠯᠬᠦ ᠶᠢ ᠲᠡᠮᠵᠢᠵᠤ᠂ ᠲᠠᠷᠢᠶᠠᠯᠠᠩ ᠮᠠᠯ | ᠠᠵᠤ ᠠᠬᠤᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ | ᠳᠠᠭᠠᠳᠬᠠᠯ ᠤᠨ ᠬᠥᠭᠵᠢᠯᠲᠡ ᠶᠢ ᠠᠬᠢᠭᠤᠯᠤᠨ᠎ᠠ᠃ | ᠳᠠᠯᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ | ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠭᠦᠮ ᠨᠡᠶᠢᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠨ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠬᠤ ᠶᠢ ᠬᠥᠲᠥᠯᠥᠨ ᠵᠢᠯᠤᠭᠤᠳᠴᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠲᠠᠷᠢᠶᠠᠯᠠᠬᠤ ᠮᠠᠯᠵᠢᠬᠤ ᠣᠷᠣᠨ ᠳᠤ ᠦᠢᠯᠡᠴᠢᠯᠡᠬᠦ ᠶᠢ ᠠᠬᠢᠭᠤᠯᠵᠤ᠂ ᠲᠠᠷᠢᠶᠠᠯᠠᠬᠤ ᠮᠠᠯᠵᠢᠬᠤ | ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠲᠠᠯᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠠᠷᠢᠶᠠᠴᠢᠨ ᠮᠠᠯᠴᠢᠨ ᠤ ᠬᠥᠮᠦᠵᠢᠯ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠭᠡᠯᠪᠡᠷᠢ ᠶᠢᠨ᠂ ᠲᠤᠰᠬᠠᠢ ᠦᠢᠯᠡᠳᠪᠦᠷᠢᠯᠡᠯ ᠤᠨ ᠭᠡᠯᠪᠡᠷᠢ ᠶᠢᠨ᠂ ᠮᠡᠷᠭᠡᠵᠢᠯ ᠤᠨ ᠴᠢᠳᠠᠪᠤᠷᠢ ᠶᠢᠨ | ᠦᠢᠯᠡᠴᠢᠯᠡᠭᠡᠨ ᠤ ᠭᠡᠯᠪᠡᠷᠢ ᠶᠢᠨ ᠵᠡᠷᠭᠡ ᠥᠨᠳᠥᠷ ᠬᠡᠪ ᠴᠢᠨᠠᠷ ᠪᠦᠬᠦᠢ ᠲᠠᠷᠢᠶᠠᠴᠢᠨ ᠮᠠᠯᠴᠢᠨ ᠢ ᠭᠤᠣᠯᠳᠠᠯᠭ᠎ᠠ ᠲᠠᠢ | ᠬᠥᠮᠥᠵᠢᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠢ ᠶᠢᠨ | ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ | ᠰᠢᠯᠢᠳᠡᠭᠵᠢᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠥᠮᠥᠵᠢᠭᠦᠯᠬᠦ ᠶᠢ ᠠᠬᠢᠭᠤᠯᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠳᠡᠮᠵᠢᠯᠭᠡ᠂ ᠠᠳᠠᠯ ᠦᠢᠯᠡᠰ | ᠴᠣᠭᠴᠠᠯᠠᠬᠤ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ ᠨᠠᠩ ᠣᠯᠠᠨ ᠢᠳᠡᠷ | ᠵᠠᠯᠠᠭᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ | ᠴᠢᠳᠠᠪᠤᠷᠢᠲᠠᠨ ᠢ ᠬᠥᠮᠥᠵᠢᠭᠦᠯᠦᠨ᠎ᠡ᠃ | ᠳᠠᠯᠠᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠭᠦᠮ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠯᠤᠭ᠎ᠠ | ᠬᠤᠯᠪᠣᠭᠳᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠡᠯ᠎ᠡ ᠲᠥᠷᠥᠯ ᠤᠨ | ᠵᠠᠭᠤᠴᠢᠯᠠᠭᠤᠷ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ | ᠥᠷᠨᠢᠭᠦᠯᠬᠦ ᠬᠡᠷᠡᠭᠲᠡᠢ᠃ | ᠳᠠᠯᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠤᠰᠬᠠᠢ ᠵᠦᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ | ᠳᠠᠯᠠᠨ ᠲᠠᠪᠤᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠳᠦᠷᠢᠮ ᠪᠠ ᠬᠠᠷᠠᠯᠲᠠᠲᠤ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠵᠦ᠂ ᠤᠳᠤᠷᠢᠳᠬᠤ ᠪᠠᠭ | ᠪᠠ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃ | ᠲᠠᠯᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ | ᠪᠦᠲᠦᠭᠡᠨ ᠪᠠᠶᠢᠭᠤᠯᠬᠤ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠵᠠᠷ ᠣᠷᠣᠨ ᠳᠤ ᠲᠥᠷᠥᠯ | ᠵᠦᠢᠯ ᠤᠨ ᠬᠠᠷᠠᠭᠠᠯᠵᠠᠯ ᠦᠵᠡᠭᠦᠯᠵᠦ᠂ ᠪᠡᠯᠡ ᠮᠥᠩᠭᠦ ᠪᠠᠷ ᠱᠠᠩᠨᠠᠬᠤ ᠬᠡᠷᠡᠭᠲᠡᠢ᠃ | ᠲᠠᠯᠠᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ | ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠲᠠᠯᠠᠨ ᠨᠠᠢᠮᠠᠳᠤᠭᠠᠷ ᠵᠦᠢᠯ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠯᠪᠠᠨ ᠲᠤᠰᠢᠶᠠᠯ ᠳᠤ | ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ | ᠬᠠᠤᠯᠢ ᠶᠣᠰᠣ ᠶᠢ ᠵᠥᠷᠢᠴᠡᠭᠰᠡᠨ ᠪᠣᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ | ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ; ᠶᠠᠯ᠎ᠠ ᠳᠤ ᠭᠦᠷᠥᠭᠰᠡᠨ ᠪᠣᠯ᠂ | ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠠᠯ᠎ᠠ ᠶᠢᠰᠦᠳᠦᠭᠡᠷ ᠵᠦᠢᠯ ᠲᠤᠰ ᠳᠦᠷᠢᠮ ᠢ 2023 ᠣᠨ ᠤ 9 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠯᠪᠠᠨ ᠲᠢᠩᠬᠢᠮ ᠤᠨ ᠤᠷᠴᠢᠭᠤᠯᠭ᠋ᠠ ᠶᠢᠨ ᠭᠠᠵᠠᠷ ᠣᠷᠴᠢᠭᠤᠯᠪᠠ︶ | | | |