ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ 2021 ᠣᠨ ᠤ 8 ᠰᠠᠷ᠎ᠠ ᠳᠤ ᠲᠡᠭᠡᠭᠡᠪᠦᠷᠢ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ | ᠬᠢᠭᠡᠳ ᠢᠨᠲ᠋ᠧᠷ ᠰᠦᠯᠵᠢᠶᠡᠨ ᠤ ᠵᠠᠮ ᠲᠡᠭᠡᠭᠡᠪᠦᠷᠢ ᠶᠢᠨ ᠠᠷᠠᠳ ᠲᠤ ᠲᠥᠭᠦᠮ ᠦᠵᠡᠭᠦᠯᠭᠦ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠰᠢᠰᠲ᠋ᠧᠮ ᠢ ᠬᠤᠯᠪᠣᠨ ᠨᠡᠪᠲᠡᠷᠡᠭᠦᠯᠦᠭᠡᠳ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠠᠵᠢᠯ | ᠢ ᠨᠠᠶᠢᠳᠠᠪᠤᠷᠢᠵᠢᠭᠤᠯᠤᠭᠰᠠᠨ ᠠᠴᠠ ᠨᠠᠭᠠᠰᠢᠬᠢ ᠬᠤᠶᠠᠷ ᠵᠢᠯ ᠭᠠᠷᠤᠢ ᠶᠢᠨ ᠬᠤᠭᠤᠴᠠᠭᠠᠨ ᠳᠤ ᠪᠦᠭᠦ ᠣᠷᠣᠨ ᠤ ᠵᠠᠮ | ᠲᠡᠭᠡᠭᠡᠪᠦᠷᠢ ᠶᠢᠨ ᠮᠤᠵᠢ ᠠᠯᠤᠰᠯᠠᠨ ᠨᠡᠶᠢᠳᠡᠮ ᠭᠦᠢᠴᠡᠳᠬᠡᠭᠰᠡᠨ ᠲᠤᠬᠠᠶᠢᠯᠠᠭᠰᠠᠨ ᠠᠵᠢᠯ 35.6 ᠲᠦᠮᠡᠨ ᠬᠤᠪᠢ ᠶᠢ | ᠳᠠᠪᠠᠵᠤ᠂ ᠰᠠᠶᠢᠨ ᠦᠨᠡᠯᠡᠯᠲᠡ ᠶᠢᠨ ᠨᠤᠷᠮ᠎ᠠ 98% ᠳᠤ ᠬᠦᠷᠴᠡᠢ᠃ | ᠡᠨᠡ ᠵᠢᠯ ᠤᠨ ᠲᠦᠷᠦᠭᠦᠤ 9 ᠰᠠᠷ᠎ᠠ ᠳᠤ ᠮᠠᠨ ᠤ ᠣᠷᠣᠨ ᠤ ᠵᠠᠮ ᠲᠡᠭᠡᠭᠡᠪᠦᠷᠢ ᠶᠢᠨ ᠮᠤᠵᠢ ᠠᠯᠤᠰᠯᠠᠨ | ᠨᠡᠶᠢᠳᠡᠮ ᠭᠦᠢᠴᠡᠳᠬᠡᠭᠰᠡᠨ ᠲᠤᠬᠠᠶᠢᠯᠠᠭᠰᠠᠨ ᠠᠵᠢᠯ 23.1 ᠲᠦᠮᠡᠨ ᠬᠤᠪᠢ ᠳᠤ ᠭᠦᠷᠪᠠ᠃ ᠮᠤᠵᠢ ᠠᠯᠤᠰᠯᠠᠨ | ᠨᠡᠶᠢᠳᠡᠮ ᠭᠦᠢᠴᠡᠳᠬᠡᠬᠦ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠤᠭᠰᠠᠨ ᠠᠴᠠ ᠨᠠᠭᠠᠰᠢ᠂ ᠮᠠᠨ ᠤ ᠣᠷᠣᠨ ᠵᠠᠬ᠎ᠠ | ᠳᠡᠯᠭᠡᠭᠦᠷ ᠤᠨ ᠭᠤᠣᠯ ᠴᠣᠭᠴᠠ ᠪᠣᠯᠣᠨ ᠠᠵᠢᠯ ᠡᠷᠬᠢᠯᠡᠭᠰᠡᠳ ᠤᠨ ᠠᠩᠬᠠᠷᠴᠤ ᠪᠠᠶᠢᠭ᠎ᠠ ᠠᠰᠠᠭᠤᠳᠠᠯ ᠳᠤ | ᠬᠠᠨᠤᠮᠵᠢᠳᠠᠢ ᠬᠠᠷᠢᠭᠤᠯᠲᠠ ᠥᠭᠴᠦ᠂ ᠰᠢᠰᠲ᠋ᠧᠮ ᠤᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠰᠢᠰᠲ᠋ᠧᠮ ᠤᠨ ᠪᠣᠯᠵᠣᠯᠲᠤ ᠲᠤᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠪᠡ; ᠪᠦᠭᠦ ᠤᠯᠤᠰ ᠲᠤ | ᠲᠦᠷᠦᠭᠦᠯᠡᠨ ᠪᠦᠭᠦ ᠣᠷᠣᠨ ᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠭᠦ ᠬᠢᠷᠢ ᠭᠡᠮ ᠤᠨ | ᠦᠨᠡᠮᠯᠡᠯ ᠢ ᠨᠥᠬᠦᠨ ᠣᠯᠭᠤᠬᠤ᠂ ᠰᠣᠯᠢᠬᠤ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠠ ᠦᠢᠯᠡᠴᠢᠯᠡᠭᠡᠨ ᠤ | ᠶᠠᠰᠤ ᠴᠢᠨᠠᠷ ᠤᠨ ᠢᠲᠡᠭᠡᠯ ᠬᠦᠨᠳᠦ ᠶᠢ ᠬᠢᠨᠠᠨ ᠰᠢᠯᠭᠠᠬᠤ ᠵᠡᠷᠭᠡ 5 ᠵᠦᠢᠯ ᠤᠨ ᠲᠤᠬᠠᠶᠢᠯᠠᠭᠰᠠᠨ ᠠᠵᠢᠯ ᠢ ᠪᠦᠷ | ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠦᠢᠯᠡᠴᠢᠯᠡᠭᠡᠨ ᠤ ᠦᠷ᠎ᠡ | ᠪᠦᠲᠦᠮᠵᠢ ᠪᠠ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠭᠦᠯᠦᠭᠰᠡᠨ ᠪᠠᠶᠢᠨ᠎ᠠ᠃ | |