ᠰᠢ ᠶᠢᠨ ᠫᠢᠩ ᠪᠦᠭᠦ ᠤᠯᠤᠰ ᠤᠨ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠠᠭᠤᠯᠵᠠᠪᠠ ᠼᠠᠢ ᠴᠢ ᠯᠢ ᠰᠢ ᠠᠭᠤᠯᠵᠠᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/7
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃  
     11 ᠰᠠᠷ᠎ᠠ ᠶᠢᠨ 6 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠼᠠᠢ ᠴᠢ᠂ ᠯᠢ ᠰᠢ ᠨᠠᠷ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠠᠭᠤᠯᠵᠠᠪᠠ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ ᠠᠭᠤᠯᠵᠠᠯᠲᠠ ᠳᠤ ᠣᠷᠣᠯᠴᠠᠵᠠᠢ᠃      ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠣᠷᠣᠵᠤ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠠᠷ ᠲᠥᠯᠥᠭᠡᠯᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠴᠧᠨ ᠸᠧᠨ ᠴᠢᠩ᠂ ᠸᠠᠩ ᠰᠢᠶᠣᠣ ᠬᠤᠩ᠂ ᠦ᠋ ᠵᠧᠩ ᠯᠦᠩ᠂ ᠵᠠᠩ ᠵᠢᠶᠦ᠋ᠨ᠂ ᠶᠢᠩ ᠶᠦᠩ ᠠᠭᠤᠯᠵᠠᠯᠲᠠ ᠳᠤ ᠣᠷᠣᠯᠴᠠᠵᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠢ ᠠᠯᠢ ᠤᠯᠠᠨ ᠴᠢᠬᠤᠯᠠ ᠵᠢᠭᠠᠪᠤᠷᠢ ᠥᠭᠪᠡ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠨᠢᠭᠲᠠ ᠲᠦᠰᠢᠭᠯᠡᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠡᠭᠦᠳᠦᠭᠰᠡᠨ ᠪᠠᠶᠢᠨ᠎ᠠ᠃ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨ ᠪᠦᠭᠦ ᠤᠯᠤᠰ ᠤᠨ ᠬᠡᠪᠴᠢᠶᠡᠨ ᠳᠤ 104 ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠶᠢᠨ ᠨᠢᠭᠡᠴᠢ ᠶᠢ ᠰᠣᠩᠭᠤᠨ ᠭᠠᠷᠭᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号