ᠦᠴᠤᠸᠠᠨ ᠰᠢᠶᠠᠨ 2023 ᠣᠨ ᠤ ᠲᠠᠷᠢᠶᠠᠯᠠᠩ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠵᠢᠯᠯᠠᠭ᠎ᠠ ᠳᠤ ᠤᠷᠢᠭᠳᠠᠨ ᠣᠷᠣᠯᠴᠠᠪᠠ
ᠨᠡᠶᠢᠲᠡᠯᠡᠭᠰᠡᠨ ᠴᠠᠭ᠄
2023/11/8
     11 ᠰᠠᠷ᠎ᠠ ᠶᠢᠨ 3 ᠤ ᠡᠳᠦᠷ᠂ 2023 ᠣᠨ ᠤ ᠲᠠᠷᠢᠶᠠᠯᠠᠩ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠵᠢᠯᠯᠠᠭ᠎ᠠ ᠪᠡᠭᠡᠵᠢᠩ ᠬᠤᠲᠠ ᠶᠢᠨ ᠹᠧᠩ ᠲᠠᠢ ᠲᠣᠭᠤᠷᠢᠭ ᠤᠨ ᠰᠢᠨ ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠲᠥᠪ ᠲᠤ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠤᠶᠠᠷ ᠵᠠᠭᠤ ᠭᠠᠷᠤᠶ ᠲᠥᠷᠥᠯ ᠲᠡᠮᠳᠡᠭᠲᠦ ᠶᠢᠨ ᠭᠤᠤᠯ ᠴᠣᠭᠴᠠ ᠠᠵᠢᠯᠯᠠᠭ᠎ᠠ ᠳᠤ ᠣᠷᠣᠯᠴᠠᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠶᠤᠸᠠᠨ ᠵᠧ ᠠᠵᠢᠯᠯᠠᠭ᠎ᠠ ᠳᠤ ᠣᠷᠣᠯᠴᠠᠵᠤ᠂ ᠦᠴᠤᠸᠠᠨ ᠰᠢᠶᠠᠨ ᠤ ᠬᠤᠯᠪᠣᠭᠳᠠᠯ ᠪᠦᠬᠦᠢ ᠲᠠᠷᠢᠶᠠᠯᠠᠩ ᠤᠨ ᠠᠵᠤ ᠠᠬᠤᠶᠢᠯᠠᠯ ᠤᠷᠢᠯᠭ᠎ᠠ ᠪᠠᠷ ᠣᠷᠣᠯᠴᠠᠪᠠ᠃
     ᠲᠣᠰ ᠤᠳᠠᠭᠠᠨ ᠤ ᠠᠵᠢᠯᠯᠠᠭ᠎ᠠ ᠪᠣᠯ 2023 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠂ ᠠᠵᠢᠯᠯᠠᠭ᠎ᠠ ᠶᠢᠨ ᠳᠤᠮᠳᠠ ᠥᠪᠥᠷ ᠮᠣᠩᠭᠤᠯ᠂ ᠬᠠᠷᠠᠮᠥ᠋ᠷᠡᠨ ᠵᠡᠷᠭᠡ ᠶᠢᠰᠦᠨ ᠭᠠᠵᠠᠷ ᠣᠷᠣᠨ ᠤ ᠬᠠᠷᠢᠭᠤᠴᠠᠯᠭᠠᠲᠠᠨ ᠨᠥᠬᠦᠳ ᠲᠥᠷᠥᠯ ᠲᠡᠮᠳᠡᠭᠲᠦ ᠶᠢᠨ ᠲᠠᠨᠢᠯᠴᠠᠭᠤᠯᠭ᠎ᠠ ᠶᠢᠨ ᠶᠠᠷᠢᠶ᠎ᠠ ᠲᠠᠯᠪᠢᠪᠠ᠃      ᠨᠢᠦ ᠶᠤᠸᠠᠨ ᠵᠧ ᠲᠠᠨᠢᠯᠴᠠᠭᠤᠯᠭ᠎ᠠ ᠶᠢᠨ ᠶᠠᠷᠢᠶᠠᠨ ᠳᠠᠭᠠᠨ᠂ ᠦᠴᠤᠸᠠᠨ ᠰᠢᠶᠠᠨ ᠥᠨᠢ ᠤᠳᠠᠭᠠᠨ ᠲᠡᠦᠬᠡ ᠲᠠᠢ᠂ ᠰᠦᠷᠯᠢᠭ ᠰᠠᠶᠢᠬᠠᠨ ᠦᠵᠡᠮᠵᠢ ᠲᠠᠢ᠂ ᠤᠮᠠᠷᠠᠲᠤ ᠥᠷᠭᠡᠷᠢᠭ ᠤᠨ 40 ᠭᠷᠠᠳᠦ᠋ᠰ ᠠᠴᠠ 41 ᠭᠷᠠᠳᠦ᠋ᠰ ᠲᠤ ᠪᠠᠶᠢᠷᠢᠯᠠᠵᠤ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠲᠠᠷᠢᠮᠠᠯ ᠤᠨ ᠤᠷᠭᠤᠯᠲᠠ ᠳᠤ ᠳᠤᠬᠢᠷᠠᠬᠤ ᠰᠢᠵᠢᠷ ᠠᠯᠳᠠᠨ ᠣᠷᠣᠨ ᠪᠦᠰᠡ ᠪᠣᠯᠤᠨ᠎ᠠ᠂ ᠠᠳᠡᠬᠢ ᠳᠤᠮᠳᠠᠴᠢ ᠳᠠᠯᠠᠢ ᠶᠢᠨ ᠲᠦᠪᠰᠢᠨ ᠠᠴᠠ 1600 ᠮᠧᠲᠷ — 2200 ᠮᠧᠲᠷ ᠡᠷᠭᠦᠭᠳᠡᠵᠦ ᠪᠤᠢ᠂ ᠠᠭᠤᠷ ᠠᠮᠢᠰᠬᠤᠯ ᠬᠦᠢᠳᠡᠨ ᠰᠡᠷᠢᠭᠦᠨ᠂ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠥᠷᠥᠰᠥ ᠰᠢᠷᠣᠢ ᠶᠢᠨ ᠴᠢᠨᠠᠷ ᠰᠡᠶᠢᠷᠡᠭ ᠪᠥᠭᠡᠳ ᠡᠯ᠎ᠡ ᠵᠦᠢᠯ ᠤᠨ ᠡᠷᠦᠳᠡᠰᠦ ᠡᠯᠪᠡᠭ ᠠᠭᠤᠯᠤᠭᠳᠠᠵᠤ᠂ ᠦᠢᠯᠡᠳᠪᠦᠷᠢᠯᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠰᠠᠶᠢᠨ᠂ ᠦᠨ᠎ᠡ ᠦᠷᠳᠡᠭ ᠢᠶᠠᠷ ᠥᠨᠳᠥᠷ᠂ ᠠᠮᠲᠠ ᠪᠠᠷ ᠰᠠᠶᠢᠨ ᠪᠠᠶᠢᠳᠠᠭ ᠭᠡᠵᠦ ᠵᠢᠭᠠᠵᠤ ᠭᠠᠷᠭᠠᠪᠠ᠃ ᠣᠶᠢᠷ᠎ᠠ ᠶᠢᠨ ᠵᠢᠯ ᠳᠤ᠂ ᠦᠴᠤᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠨᠴᠠᠭᠠᠶ ᠬᠦᠢᠲᠡᠨ ᠰᠡᠷᠢᠭᠦᠨ ᠠᠭᠤᠷ ᠠᠮᠢᠰᠬᠤᠯ ᠤᠨ ᠨᠥᠬᠦᠴᠡᠯ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠵᠡᠷᠭᠡ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠥᠬᠦ ᠲᠠᠯ᠎ᠠ ᠪᠠᠷ ᠲᠦᠷᠭᠡᠳᠬᠡᠵᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠂ ᠬᠠᠩᠭᠠᠯᠭ᠎ᠠ ᠶᠢᠨ ᠬᠡᠯᠬᠢᠶ᠎ᠡ ᠶᠢ ᠪᠠᠲᠤᠯᠠᠵᠤ᠂ ᠴᠢᠨᠠᠷ ᠰᠠᠶᠢᠲᠠᠶ ᠨᠣᠬᠠᠶ ᠶᠢᠨ ᠬᠤᠰᠢᠭᠤ᠂ ᠤᠨᠴᠠᠯᠢᠬᠳᠤ ᠨᠦᠢᠯ ᠪᠤᠭᠤᠳᠠᠢ᠂ ᠪᠣᠬᠢᠷᠲᠤᠯ ᠥᠬᠡᠶ ᠲᠥᠮᠥᠰᠥ᠂ ᠣᠬᠢ ᠰᠠᠶᠢᠨ ᠢᠳᠡᠰᠢᠨ ᠬᠤᠨᠢ᠂ ᠣᠷᠭᠠᠨᠢᠭ ᠢᠳᠡᠰᠢᠨ ᠨᠣᠭᠤᠭ᠎ᠠ ︽ᠲᠠᠪᠤᠨ ᠶᠡᠭᠡ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ︾ ᠢ ᠪᠥᠲᠥᠭᠡᠨ ᠪᠠᠶᠢᠭᠤᠯᠪᠠ᠃ ᠲᠠᠷᠢᠶᠠᠯᠠᠩ ᠤᠨ ᠪᠦᠲᠦᠭᠡᠭᠳᠡᠬᠦᠨ ᠤ ︽ᠣᠷᠣᠨ ᠪᠦᠰᠡ ᠶᠢᠨ ᠲᠥᠷᠥᠯ ᠲᠡᠮᠳᠡᠭᠲᠦ + ᠠᠵᠤ ᠠᠬᠤᠶᠢᠯᠠᠯ ᠤᠨ ᠲᠥᠷᠥᠯ ᠲᠡᠮᠳᠡᠭᠲᠦ︾ ᠶᠢᠨ ᠬᠤᠤᠰ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠳᠥᠯᠭᠢᠨ ᠠᠬᠢᠭᠤᠯᠵᠤ᠂ ︽ᠪᠣᠬᠢᠷᠲᠤᠯ ᠥᠬᠡᠶ᠂ ᠣᠯᠠᠨ ᠨᠡᠶᠢᠲᠡ ᠳᠤ ᠬᠤᠤᠷᠳᠠᠭᠳᠠᠯ ᠥᠬᠡᠶ᠂ ᠴᠡᠪᠡᠷ ᠪᠠᠶᠢᠭᠠᠯᠢᠯᠢᠭ᠂ ᠴᠣᠯ ᠪᠠᠶᠢᠭᠠᠯᠢᠯᠢᠭ︾ ᠳᠥᠷᠪᠡᠨ ᠨᠡᠷ᠎ᠡ ᠶᠢᠨ ᠬᠠᠭᠤᠳᠠᠰᠤ ᠶᠢ ᠭᠤᠤᠯᠴᠢᠯᠠᠨ ᠪᠢᠴᠢᠵᠦ᠂ ᠳᠠᠷᠢᠵᠤ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ ᠳᠤ ᠲᠦᠰᠢᠭᠯᠡᠨ ᠦᠴᠤᠸᠠᠨ ᠤ ᠥᠨᠳᠦᠷᠯᠢᠭ ᠤᠨ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠶ᠋ᠯᠡᠰ ᠤᠨ ᠬᠥᠭᠵᠢᠯᠲᠡ ᠶᠢ ᠬᠠᠮᠲᠤᠪᠠᠷ ᠳᠥᠯᠭᠢᠨ ᠠᠬᠢᠭᠤᠯᠪᠠ᠃      ᠪᠣᠷᠣᠯᠠᠭᠤᠯᠭ᠎ᠠ ᠶᠢᠨ ᠠᠵᠢᠯᠯᠠᠭ᠎ᠠ ᠳᠡᠭᠡᠷ᠎ᠡ᠂ ᠬᠤᠯᠪᠣᠭᠳᠠᠯ ᠪᠥᠬᠦᠶ ᠬᠤᠳᠠᠯᠳᠤᠨ ᠠᠪᠬᠤ ᠬᠤᠳᠠᠯᠳᠤᠭᠠᠴᠢᠨ ᠲᠥᠷᠥᠯ ᠲᠡᠮᠳᠡᠭᠲᠦ ᠶᠢᠨ ᠭᠤᠤᠯ ᠴᠣᠭᠴᠠ ᠲᠠᠢ ᠭᠡᠷ᠎ᠡ ᠲᠣᠭᠲᠠᠵᠤ᠂ ᠢᠳᠡᠪᠬᠢᠲᠡᠶ ᠪᠠᠷ ᠰᠣᠯᠢᠯᠴᠠᠨ ᠶᠠᠷᠢᠯᠴᠠᠵᠤ ᠬᠠᠮᠲᠤᠷᠠᠨ ᠠᠵᠢᠯᠯᠠᠵᠤ᠂ ᠮᠠᠨ ᠤ ᠰᠢᠶᠠᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠷᠡᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号