ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠭᠦᠭᠡᠬᠤᠳᠠ ᠶᠢᠨ ᠰᠢᠨ᠎ᠡ ᠬᠤᠳᠠ ᠲᠣᠭᠤᠷᠢᠭ ᠤᠨ ᠣᠪᠣᠭ᠎ᠠ ᠲᠤᠰᠬᠤᠨ ᠤ ᠵᠢᠭᠤᠯᠴᠢᠯᠠᠯ ᠰᠡᠯᠡᠭᠦᠴᠡᠯ ᠤᠨ ᠵᠡᠭᠡᠯᠢ | ᠪᠣᠯᠣᠨ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠬᠥᠯᠥᠨ ᠪᠤᠶᠢᠷ ᠬᠤᠲᠠ ᠶᠢᠨ ᠡᠷᠲᠡᠨ ᠤ ᠬᠤᠲᠠ | ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠣᠷᠴᠢᠮᠬᠠᠨ ᠭᠤᠷᠪᠠᠳᠤᠭᠠᠷ ᠪᠦᠯᠦᠭ ᠤᠨ ᠤᠯᠤᠰ ᠤᠨ ᠲᠠᠰ | ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠦᠨᠡᠯᠡᠭᠳᠡᠵᠦ᠂ ᠮᠠᠨ ᠤ ᠣᠷᠣᠨ ᠤ ᠤᠯᠤᠰ ᠤᠨ ᠲᠠᠰ | ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ 5 ᠪᠣᠯᠵᠤ ᠨᠡᠮᠡᠭᠳᠡᠪᠡ᠃ | ᠮᠠᠨ ᠤ ᠣᠷᠣᠨ ᠤ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠨᠢ ᠪᠦᠷ ᠢᠯᠡ | ᠲᠣᠳᠣ ᠰᠣᠶᠣᠯ ᠤᠨ ᠭᠤᠣᠯ ᠰᠡᠳᠦᠪ ᠪᠠ ᠣᠷᠣᠨ ᠪᠦᠰᠡ ᠶᠢᠨ ᠣᠨᠴᠠᠯᠢᠭ ᠲᠠᠢ ᠮᠥᠷᠲᠡᠭᠡᠨ ᠵᠢᠭᠤᠯᠴᠢᠯᠠᠯ | ᠰᠡᠯᠡᠭᠦᠴᠡᠯ᠂ ᠰᠣᠶᠣᠯ ᠤᠨ ᠣᠶᠢᠯᠠᠭᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠴᠢᠳᠠᠮᠵᠢ ᠲᠠᠢ ᠪᠠᠶᠢᠵᠤ᠂ | ᠵᠢᠭᠤᠯᠴᠢᠯᠠᠯ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠬᠤᠨᠤᠭ ᠪᠠᠭᠤᠳᠠᠯ᠂ ᠵᠤᠭ᠎ᠠ | ᠰᠡᠯᠡᠭᠦᠴᠡᠯ ᠵᠡᠷᠭᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠠᠭᠤᠰᠤᠯᠴᠠᠭᠤᠯᠤᠨ᠂ ᠵᠢᠭᠤᠯᠴᠢᠯᠠᠬᠰᠠᠳ ᠪᠠ ᠲᠣᠰ ᠭᠠᠵᠠᠷ | ᠤᠨ ᠰᠠᠭᠤᠭᠠᠯᠢ ᠠᠷᠠᠳ ᠤᠨ ᠵᠢᠭᠤᠯᠴᠢᠯᠠᠯ᠂ ᠵᠤᠭ᠎ᠠ ᠰᠡᠯᠡᠭᠦᠴᠡᠯ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ | ᠪᠦᠳᠦᠮᠵᠢᠳᠠᠢ ᠬᠠᠩᠭᠠᠵᠤ ᠪᠠᠶᠢᠨ᠎ᠠ᠃ ᠲᠡᠷᠡ ᠮᠥᠷᠲᠡᠭᠡᠨ ᠲᠣᠳᠣᠷᠬᠠᠢ ᠣᠷᠣᠨ ᠵᠠᠢ ᠶᠢᠨ ᠬᠡᠪᠴᠢᠶ᠎ᠡ᠂ ᠲᠣᠭᠲᠠᠪᠤᠷᠢᠲᠠᠢ | ᠵᠣᠴᠢᠨ ᠭᠥᠯᠢᠶᠡᠨ ᠠᠪᠬᠤ ᠬᠡᠮᠵᠢᠶ᠎ᠡ᠂ ᠨᠢᠭᠡᠳᠦᠯᠲᠡᠢ ᠪᠥᠭᠡᠳ ᠪᠦᠲᠦᠮᠵᠢᠲᠡᠶ ᠬᠠᠮᠢᠶᠠᠷᠤᠨ ᠡᠵᠡᠩᠨᠡᠬᠦ ᠪᠠᠶᠢᠭᠤᠯᠤᠮᠵᠢ᠂ | ᠵᠣᠬᠢᠬᠤ ᠬᠠᠷᠢᠴᠠᠯ ᠪᠦᠬᠦᠢ ᠣᠷᠣᠨ ᠨᠤᠲᠤᠭ ᠤᠨ ᠰᠣᠶᠣᠯ ᠪᠠ ᠪᠦᠲᠦᠭᠡᠯᠴᠢ ᠰᠣᠶᠣᠯ ᠤᠨ ᠡᠵᠡᠩᠨᠡᠯᠲᠡ ᠶᠢᠨ ᠭᠡᠯᠪᠡᠷᠢ | ᠪᠠᠶᠢᠳᠠᠯ ᠵᠡᠷᠭᠡ ᠶᠢ ᠪᠦᠷᠢᠯᠳᠦᠭᠦᠯᠵᠦ᠂ ᠰᠣᠶᠣᠯ ᠵᠢᠭᠤᠯᠴᠢᠯᠠᠯ ᠤᠨ ᠣᠨᠴᠠᠯᠢᠭ᠂ ᠣᠷᠴᠢᠨ ᠠᠬᠤᠢ ᠶᠢᠨ ᠣᠨᠴᠠᠯᠢᠭ᠂ | ᠡᠵᠡᠩᠨᠡᠯᠲᠡ ᠶᠢᠨ ᠭᠡᠯᠪᠡᠷᠢ ᠶᠢᠨ ᠪᠠᠶᠢᠷᠢᠰᠢᠯ᠂ ᠦᠢᠯᠡᠴᠢᠯᠡᠭᠡᠨ ᠤ ᠲᠥᠬᠦᠭᠡᠷᠦᠮᠵᠢ᠂ ᠶᠡᠷᠦᠩᠬᠡᠶᠢᠯᠡᠭᠰᠡᠨ ᠦᠢᠯᠡᠴᠢᠯᠡᠭᠡ᠂ | ᠡᠷᠡᠭᠦᠯ ᠬᠠᠮᠠᠭᠠᠯᠠᠯ᠂ ᠠᠮᠤᠷ ᠲᠦᠪᠰᠢᠨ ᠪᠠ ᠬᠠᠮᠢᠶᠠᠷᠤᠯᠲᠠ ᠵᠡᠷᠭᠡ ᠳᠤ ᠴᠥᠮ ᠨᠠᠷᠢᠨ ᠱᠠᠭᠠᠷᠳᠠᠯᠭ᠎ᠠ ᠲᠠᠢ ᠪᠠᠶᠢᠵᠤ᠂ | ᠨᠢᠭᠡᠨᠲᠡ ᠲᠤᠬᠠᠢ ᠶᠢᠨ ᠭᠠᠵᠠᠷ ᠤᠨ ᠢᠶᠠᠨ ᠵᠤᠭ᠎ᠠ ᠰᠡᠯᠡᠭᠦᠴᠡᠯ ᠤᠨ ᠲᠥᠷᠥᠯ ᠤᠨ ᠵᠢᠭᠤᠯᠴᠢᠯᠠᠯ ᠤᠨ ᠦᠢᠯᠡᠰ ᠤᠨ | ᠬᠥᠭᠵᠢᠭᠦᠯᠦᠯᠲᠡ ᠶᠢᠨ ᠭᠤᠣᠯᠯᠠᠬᠤ ᠬᠦᠴᠦᠨ ᠪᠣᠯᠪᠠ᠃ | |