ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠣᠷᠣᠨ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ | ᠲᠠᠰ ᠳᠡᠪᠰᠢᠭᠦᠯᠬᠦ ᠶᠢ ᠠᠬᠢᠭᠤᠯᠬᠤ ᠣᠯᠠᠨ ᠵᠦᠢᠯ ᠤᠨ ᠰᠢᠨ᠎ᠡ ᠲᠥᠷᠥ ᠶᠢᠨ ᠪᠣᠳᠣᠯᠭ᠎ᠠ ᠲᠣᠭᠲᠠᠭᠠᠵᠤ᠂ ᠠᠵᠤ | ᠦᠢᠯᠡᠰ ᠤᠨ ᠬᠡᠯᠬᠢᠶᠡᠨ ᠳᠠᠬᠢ ᠠᠵᠤ ᠦᠢᠯᠡᠰ ᠤᠨ ᠪᠦᠯᠦᠭᠵᠢᠵᠦ ᠠᠭᠤᠰᠤᠯᠴᠠᠨ ᠬᠥᠭᠵᠢᠬᠦ ᠶᠢ ᠠᠬᠢᠭᠤᠯᠤᠭᠰᠠᠨ | ᠢᠶᠠᠷ ᠤᠳᠤ ᠪᠦᠭᠦ ᠣᠷᠣᠨ ᠳᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ 18 ᠪᠣᠯᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ︽2023 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ | ᠠᠬᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ︾ ᠶᠢ | ᠳᠠᠷᠤᠮᠠᠯᠯᠠᠨ ᠲᠠᠷᠬᠠᠭᠠᠪᠠ᠃ ᠡᠨᠡ ᠬᠦ ︽ᠠᠵᠢᠯ ᠤᠨ ᠭᠤᠣᠯᠳᠠᠯᠭ᠎ᠠ︾ ᠳᠠᠬᠢ ᠥᠪᠡᠷᠮᠢᠴᠡ ᠣᠨᠴᠠᠯᠢᠭ ᠲᠠᠢ | ᠳᠠᠪᠠᠭᠤᠯᠢᠭᠲᠤ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠪᠠᠶᠢᠭᠤᠯᠬᠤ ᠵᠡᠷᠭᠡ ᠠᠭᠤᠯᠭ᠎ᠠ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠬᠦ᠂ ᠡᠷᠳᠡᠨᠢ | ᠰᠢᠰᠢ ᠶᠢ ᠨᠠᠷᠢᠯᠢᠭ ᠪᠤᠯᠪᠠᠰᠤᠷᠠᠭᠤᠯᠬᠤ᠂ ᠡᠪᠡᠰᠦᠨ ᠤ ᠦᠢᠯᠡᠰ᠂ ᠨᠡᠭᠦᠷᠡᠰᠦ ᠶᠢ ᠬᠡᠦᠷᠰᠢᠭᠦᠯᠬᠦ ᠬᠢᠮᠢ ᠶᠢᠨ ᠠᠵᠤ | ᠦᠢᠯᠡᠳᠪᠦᠷᠢ᠂ ᠹᠯᠣᠷ ᠤᠨ ᠬᠢᠮᠢ ᠶᠢᠨ ᠠᠵᠤ ᠦᠢᠯᠡᠳᠪᠦᠷᠢ ᠵᠡᠷᠭᠡ 6 ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ | ᠪᠠᠷ ᠰᠦᠪᠡᠭᠴᠢᠯᠡᠨ ᠨᠡᠮᠡᠭᠳᠡᠭᠦᠯᠦᠭᠰᠡᠨ ᠠᠴᠠ ᠪᠦᠭᠦ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ | 12 ᠪᠠᠶᠢᠭᠰᠠᠨ ᠠᠴᠠ 18 ᠪᠣᠯᠵᠤ ᠨᠡᠮᠡᠭᠳᠡᠵᠡᠢ᠃ | ᠡᠨᠡ ᠵᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠᠰᠠ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠵᠡᠷᠭᠡ 6 ᠰᠠᠯᠠᠭ᠎ᠠ | ᠮᠥᠴᠢᠷ ᠲᠠᠢ ᠬᠠᠮᠲᠤᠷᠠᠨ ︽ᠠᠵᠤ ᠦᠢᠯᠡᠰ ᠤᠨ ᠬᠡᠯᠬᠢᠶᠡᠨ ᠤ ︿ᠳᠠᠭᠠᠭᠤᠯᠤᠭᠴᠢ ᠠᠵᠤ ᠠᠬᠤᠶᠢᠯᠠᠯ﹀ ᠤᠨ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠠᠵᠤ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶᠡᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ᠃ ᠡᠭᠦᠨ | ᠳᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠳᠤ ᠠᠵᠤ | ᠠᠬᠤᠶᠢᠯᠠᠯ ᠥᠪᠡᠷ ᠢᠶᠠᠨ ᠭᠤᠶᠤᠴᠢᠯᠠᠬᠤ᠂ ᠠᠶᠢᠮᠠᠭ ᠬᠤᠲᠠ ᠠᠴᠠ ᠳᠡᠪᠰᠢᠭᠦᠯᠬᠦ᠂ ᠲᠤᠰᠬᠠᠢ ᠮᠡᠷᠭᠡᠵᠢᠯᠲᠡᠨ ᠬᠢᠨᠠᠨ | ᠦᠨᠡᠯᠡᠬᠦ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠡᠮᠵᠢᠨ | ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠺᠤᠮᠫᠠᠨᠢ ᠶᠢ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ︿ᠳᠠᠭᠠᠭᠤᠯᠤᠭᠴᠢ ᠠᠵᠤ ᠠᠬᠤᠶᠢᠯᠠᠯ﹀ ᠢᠶᠠᠷ ᠰᠣᠩᠭᠤᠨ | ᠲᠣᠭᠲᠠᠭᠠᠵᠤ᠂ ︽ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠠᠬᠢᠭᠤᠯᠬᠤ | ᠬᠤᠷᠠᠯ︾ ᠢ ᠪᠠᠶᠢᠭᠤᠯᠤᠨ᠂ ︽ᠳᠠᠭᠠᠭᠤᠯᠤᠭᠴᠢ ᠠᠵᠤ ᠠᠬᠤᠶᠢᠯᠠᠯ︾ ᠤᠨ ᠠᠵᠤ ᠦᠢᠯᠡᠰ ᠤᠨ ᠬᠡᠯᠬᠢᠶ᠎ᠡ ᠶᠢ | ᠲᠣᠭᠲᠠᠪᠤᠷᠢᠵᠢᠭᠤᠯᠬᠤ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠬᠦ᠂ ᠲᠣᠮᠣ ᠳᠤᠮᠳᠠ ᠪᠠᠭ᠎ᠠ ᠠᠵᠤ ᠠᠬᠤᠶᠢᠯᠠᠯ | ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠬᠤ ᠵᠢᠴᠢ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ | ᠨᠢ ᠪᠠᠳᠠᠷᠠᠭᠤᠯᠤᠭᠰᠠᠨ ᠪᠠᠶᠢᠨ᠎ᠠ᠃ | | |