ᠮᠠᠨ ᠤ ᠤᠯᠤᠰ ᠲᠤ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ 4 ᠨᠡᠮᠡᠭᠳᠡᠪᠡ
ᠨᠡᠶᠢᠲᠡᠯᠡᠭᠰᠡᠨ ᠴᠠᠭ᠄
2023/11/8
     ᠠᠨᠾᠦ᠋ᠢ ᠶᠢᠨ ᠴᠢ ᠮᠧᠨ ᠤ ᠤᠰᠤᠨ ᠬᠠᠰᠢᠯᠭ᠎ᠠ ᠶᠢᠨ ᠰᠢᠯᠵᠢᠭᠦᠯᠦᠨ ᠬᠠᠳᠠᠭᠠᠯᠠᠬᠤ ᠤᠰᠤᠯᠠᠯᠲᠠ ᠶᠢᠨ ᠰᠢᠰᠲ᠋ᠧᠮ᠂ ᠵᠢᠶᠠᠩᠰᠤ ᠶᠢᠨ ᠬᠤᠩ ᠽᠧ ᠶᠢᠨ ᠡᠷᠲᠡᠨ ᠤ ᠤᠰᠤᠯᠠᠯᠲᠠ ᠶᠢᠨ ᠣᠷᠣᠨ᠂ ᠱᠠᠨ ᠰᠢ ᠶᠢᠨ ᠾᠥᠸᠧ ᠴᠢᠤᠸᠠᠨ ᠤ ᠤᠰᠤᠯᠠᠯᠲᠠ ᠶᠢᠨ ᠢᠨᠵᠧᠨᠧᠷᠢᠩ᠂ ᠬᠤᠪᠧᠢ ᠶᠢᠨ ᠴᠥᠩ ᠶᠠᠩ ᠰᠢᠶᠠᠨ ᠤ ᠪᠠᠢ ᠨᠢ ᠶᠢᠨ ᠡᠷᠲᠡᠨ ᠤ ᠤᠰᠤᠨ ᠬᠠᠰᠢᠯᠭ᠎ᠠ ᠵᠡᠷᠭᠡ ᠭᠠᠵᠠᠷ ᠨᠢ 4 ᠤ ᠡᠳᠦᠷ 2023 ᠣᠨ ︵ᠠᠷᠪᠠᠳᠤᠭᠠᠷ ᠪᠦᠯᠦᠭ︶ ᠤ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃ ᠢᠩᠭᠢᠭᠰᠡᠨ ᠢᠶᠠᠷ ᠮᠠᠨ ᠤ ᠤᠯᠤᠰ ᠤᠨ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ 34 ᠪᠣᠯᠪᠠ᠃      ᠰᠤᠷᠪᠤᠯᠵᠢᠯᠠᠬᠴᠢ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠠᠷᠪᠠᠳᠤᠭᠠᠷ ᠪᠦᠯᠦᠭ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠢ ᠡᠨᠡᠳᠬᠡᠭ ᠤᠨ ᠸᠢᠰᠠᠺᠠᠫᠠᠲ᠋ᠧᠨᠠᠨ ᠳᠤ ᠬᠤᠷᠠᠯᠳᠤᠭᠰᠠᠨ ᠳᠡᠯᠡᠬᠡᠢ ᠶᠢᠨ ᠤᠰᠤᠯᠠᠯᠲᠠ ᠪᠠ ᠤᠰᠤ ᠵᠠᠯᠠᠬᠤ ᠵᠥᠪᠯᠡᠯ ᠤᠨ 74 ᠳ᠋ᠦ᠋ᠭᠡᠷ ᠬᠤᠭᠤᠴᠠᠭᠠᠨ ᠤ ᠭᠦᠢᠴᠡᠳᠬᠡᠬᠦ ᠬᠡᠷᠡᠭ ᠡᠷᠭᠢᠯᠡᠭᠴᠢᠳ ᠤᠨ ᠬᠤᠷᠠᠯ ᠳᠡᠭᠡᠷ᠎ᠡ ᠨᠡᠶᠢᠲᠡᠯᠡᠭᠰᠡᠨ ᠶᠤᠮ᠃ ᠳᠤᠮᠳᠠᠳᠤ ᠤᠯᠤᠰ ᠤᠨ ᠤᠯᠤᠰ ᠤᠨ ᠤᠰᠤᠯᠠᠯᠲᠠ ᠪᠠ ᠤᠰᠤ ᠵᠠᠯᠠᠬᠤ ᠵᠥᠪᠯᠡᠯ ᠤᠨ ᠲᠡᠷᠢᠭᠦᠯᠡᠭᠴᠢ᠂ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠭᠢᠯᠭᠠᠨ ᠤ ᠵᠤᠷᠭᠠᠨ ᠤ ᠳᠠᠷᠤᠭ᠎ᠠ ᠴᠧᠨ ᠮᠢᠩ ᠵᠥᠩ᠂ ᠮᠠᠨ ᠤ ᠤᠯᠤᠰ ᠤᠨ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠨᠢ ᠪᠠᠷᠤᠭ ᠤᠰᠤᠯᠠᠯᠲᠠ ᠶᠢᠨ ᠢᠨᠵᠧᠨᠧᠷᠢᠩ ᠤᠨ ᠪᠦᠭᠦ ᠲᠦᠷᠦᠯ ᠵᠦᠢᠯ ᠢ ᠬᠠᠮᠤᠷᠴᠤ᠂ ᠤᠰᠤᠯᠠᠯᠲᠠ ᠶᠢᠨ ᠢᠨᠵᠧᠨᠧᠷᠢᠩ ᠤᠨ ᠥᠪ ᠤᠨ ᠲᠥᠷᠥᠯ ᠵᠦᠢᠯ ᠢᠶᠠᠷ ᠬᠠᠮᠤᠭ ᠤᠨ ᠪᠠᠶᠠᠯᠢᠭ᠂ ᠲᠠᠷᠬᠠᠯᠲᠠ ᠪᠠᠷ ᠬᠠᠮᠤᠭ ᠤᠨ ᠥᠷᠭᠡᠨ᠂ ᠤᠰᠤᠯᠠᠯᠲᠠ ᠶᠢᠨ ᠦᠷ᠎ᠡ ᠠᠰᠢᠭ ᠢᠶᠠᠷ ᠬᠠᠮᠤᠭ ᠤᠨ ᠲᠣᠪᠣᠶᠢᠮ᠎ᠠ ᠤᠯᠤᠰ ᠪᠣᠯᠣᠨ᠎ᠠ ᠭᠡᠵᠡᠢ᠃      ᠴᠢ ᠮᠧᠨ ᠤ ᠤᠰᠤᠨ ᠬᠠᠰᠢᠯᠭ᠎ᠠ ᠶᠢᠨ ᠤᠰᠤᠯᠠᠯᠲᠠ ᠶᠢᠨ ᠰᠢᠰᠲ᠋ᠧᠮ ᠨᠢ ᠠᠨᠾᠦ᠋ᠢ ᠮᠤᠵᠢ ᠶᠢᠨ ᠱᠦᠴᠧᠩ ᠰᠢᠶᠠᠨ ᠤ ᠬᠢᠯᠢ ᠳᠤ ᠪᠠᠶᠢᠷᠢᠯᠠᠵᠤ᠂ ᠬᠠᠮᠤᠭ ᠡᠷᠲᠡ ᠪᠠᠷᠠᠭᠤᠨ ᠬᠠᠨ ᠤᠯᠤᠰ ᠤᠨ ᠦᠶ᠎ᠡ ᠳᠤ ᠪᠠᠶᠢᠭᠤᠯᠤᠭᠳᠠᠵᠤ᠂ ᠨᠤᠭᠤ ᠭᠠᠵᠠᠷ ᠤᠨ ᠭᠡᠯᠪᠡᠷᠢ ᠶᠢ ᠠᠰᠢᠭᠯᠠᠨ᠂ ᠬᠤᠶᠠᠷ ᠮᠢᠩᠭ᠎ᠠ ᠭᠠᠷᠤᠢ ᠵᠢᠯ ᠤᠨ ᠲᠤᠷᠰᠢ ᠤᠰᠤᠯᠠᠬᠤ᠂ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠢ ᠰᠡᠷᠭᠡᠶᠢᠯᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠣᠳᠣᠬᠠᠨ ᠳᠤ 20 ᠲᠦᠮᠡᠨ ᠮᠦ ᠲᠠᠷᠢᠶᠠᠨ ᠭᠠᠵᠠᠷ ᠢ ᠤᠰᠤᠯᠠᠵᠤ ᠪᠠᠶᠢᠨ᠎ᠠ᠃      ᠬᠤᠩ ᠽᠧ ᠶᠢᠨ ᠡᠷᠲᠡᠨ ᠤ ᠤᠰᠤᠯᠠᠯᠲᠠ ᠶᠢᠨ ᠣᠷᠣᠨ ᠨᠢ ᠵᠢᠶᠠᠩᠰᠤ ᠮᠤᠵᠢ ᠶᠢᠨ ᠬᠤᠸᠠᠢ ᠠᠨ ᠬᠤᠲᠠ ᠶᠢᠨ ᠬᠤᠩ ᠽᠧ ᠲᠣᠭᠤᠷᠢᠭ ᠤᠨ ᠬᠢᠯᠢ ᠳᠤ ᠪᠠᠶᠢᠷᠢᠯᠠᠵᠤ᠂ ᠤᠰᠤ ᠬᠠᠳᠠᠭᠠᠯᠠᠬᠤ ᠭᠡᠯᠪᠡᠷᠢ ᠶᠢᠨ ᠤᠰᠤᠯᠠᠯᠲᠠ ᠶᠢᠨ ᠣᠷᠣᠨ ᠪᠠᠶᠢᠵᠤ᠂ ᠤᠰᠤ ᠬᠠᠳᠠᠭᠠᠯᠠᠬᠤ᠂ ᠤᠰᠤ ᠠᠪᠬᠤ᠂ ᠤᠰᠤ ᠳᠠᠮᠵᠢᠭᠤᠯᠬᠤ ᠪᠠ ᠤᠰᠤ ᠵᠠᠯᠠᠬᠤ ᠢᠨᠵᠧᠨᠧᠷᠢᠩ ᠢᠶᠠᠷ ᠪᠦᠷᠢᠯᠳᠦᠵᠡᠢ᠃ ᠵᠡᠭᠦᠨ ᠬᠠᠨ ᠤᠯᠤᠰ ᠠᠴᠠ ᠡᠬᠢᠯᠡᠨ᠂ ᠬᠥᠮᠥᠰ ᠠᠳᠡ ᠤᠰᠤ ᠲᠠᠲᠠᠵᠤ ᠲᠠᠷᠢᠶ᠎ᠠ ᠤᠰᠤᠯᠠᠵᠤ᠂ ᠣᠳᠣ ᠪᠤᠯᠲᠠᠯ᠎ᠠ ᠦᠷᠭᠦᠯᠵᠢᠯᠡᠭᠰᠡᠭᠡᠷ ᠢᠷᠡᠵᠠᠢ᠃ ᠣᠳᠣᠬᠠᠨ ᠳᠤ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠲᠠᠯᠠᠪᠠᠢ ᠨᠢ 48.13 ᠲᠦᠮᠡᠨ ᠮᠦ ᠳᠤ ᠬᠦᠷᠴᠦ ᠪᠠᠶᠢᠨ᠎ᠠ᠃      ᠾᠥᠸᠧ ᠴᠢᠤᠸᠠᠨ ᠤ ᠤᠰᠤᠯᠠᠯᠲᠠ ᠶᠢᠨ ᠢᠨᠵᠧᠨᠧᠷᠢᠩ ᠨᠢ ᠱᠠᠨ ᠰᠢ ᠮᠤᠵᠢ ᠶᠢᠨ ᠬᠤᠩ ᠳ᠋ᠦᠩ ᠰᠢᠶᠠᠨ ᠳᠤ ᠪᠠᠶᠢᠷᠢᠯᠠᠵᠤ᠂ ᠲᠠᠩ ᠤᠯᠤᠰ ᠤᠨ ᠵᠧᠨ ᠭᠤᠸᠠᠨ ᠤ ᠦᠶ᠎ᠡ ᠠᠴᠠ ᠡᠬᠢᠯᠡᠨ ᠲᠣᠳᠣᠷᠬᠠᠢ ᠲᠡᠮᠳᠡᠭᠯᠡᠯ ᠲᠠᠢ ᠪᠠᠶᠢᠵᠤ᠂ ᠣᠳᠣ ᠪᠤᠯᠲᠠᠯ᠎ᠠ ᠤᠰᠤᠯᠠᠯᠲᠠ᠂ ᠤᠰᠤ ᠬᠠᠩᠭᠠᠬᠤ᠂ ᠠᠮᠢ ᠠᠬᠤᠢ᠂ ᠵᠢᠭᠤᠯᠴᠢᠯᠠᠯ ᠵᠡᠷᠭᠡ ᠦᠢᠯᠡᠳᠦᠯ ᠢᠶᠠᠨ ᠪᠠᠳᠠᠷᠠᠭᠤᠯᠤᠭᠰᠠᠭᠠᠷ ᠪᠠᠶᠢᠨ᠎ᠠ᠃ ᠣᠳᠣᠬᠠᠨ ᠳᠤ᠂ ᠢᠨᠵᠧᠨᠧᠷᠢᠩ ᠤᠨ ᠤᠰᠤᠯᠠᠯᠲᠠ ᠶᠢᠨ ᠶᠡᠷᠦᠩᠬᠡᠢ ᠲᠠᠯᠠᠪᠠᠶ ᠨᠢ 10.1 ᠲᠦᠮᠡᠨ ᠮᠦ ᠪᠣᠯᠣᠨ᠎ᠠ᠃      ᠪᠠᠢ ᠨᠢ ᠶᠢᠨ ᠡᠷᠲᠡᠨ ᠤ ᠤᠰᠤᠨ ᠬᠠᠰᠢᠯᠭ᠎ᠠ ᠪᠣᠯ ᠬᠤᠪᠧᠢ ᠮᠤᠵᠢ ᠶᠢᠨ ᠴᠥᠩ ᠶᠠᠩ ᠰᠢᠶᠠᠨ ᠤ ᠬᠢᠯᠢ ᠳᠤ ᠪᠠᠶᠢᠷᠢᠯᠠᠵᠤ ᠪᠠᠶᠢᠨ᠎ᠠ᠂ ᠡᠭᠦᠨ ᠳᠤ ᠱᠢ ᠵᠢᠶᠠᠨ ᠤᠰᠤᠨ ᠬᠠᠰᠢᠯᠭ᠎ᠠ ᠪᠠ ᠶᠤᠸᠠᠨ ᠪᠧᠢ ᠤᠰᠤᠨ ᠬᠠᠰᠢᠯᠭ᠎ᠠ ᠬᠤᠶᠠᠷ ᠡᠷᠲᠡᠨ ᠤ ᠤᠰᠤᠨ ᠬᠠᠰᠢᠯᠭ᠎ᠠ ᠪᠠᠭᠲᠠᠨ᠎ᠠ᠃ ᠲᠤᠯᠭᠤᠷ ᠪᠢᠴᠢᠭ ᠲᠤ ᠲᠡᠮᠳᠡᠭᠯᠡᠭᠰᠡᠨ ᠢᠶᠠᠷ᠂ ᠡᠷᠲᠡᠨ ᠤ ᠬᠠᠰᠢᠯᠭ᠎ᠠ ᠶᠢ ᠬᠠᠮᠤᠭ ᠡᠷᠲᠡ ᠲᠠᠪᠤᠨ ᠲᠥᠷᠥ ᠶᠢᠨ ᠰᠡᠭᠦᠯᠴᠢ ᠶᠢᠨ ᠲᠠᠩ ᠤᠯᠤᠰ ᠤᠨ ᠦᠶ᠎ᠡ ᠳᠤ ᠪᠠᠶᠢᠭᠤᠯᠵᠤ᠂ ᠣᠲᠣ ᠪᠤᠯᠲᠠᠯ᠎ᠠ ᠤᠰᠤᠯᠠᠯᠲᠠ᠂ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠲᠠᠢ ᠲᠡᠮᠡᠴᠡᠬᠦ᠂ ᠤᠰᠤ ᠬᠠᠩᠭᠠᠬᠤ ᠵᠡᠷᠭᠡ ᠴᠢᠳᠠᠮᠵᠢ ᠶᠢ ᠪᠠᠳᠠᠷᠠᠭᠤᠯᠵᠤ᠂ ᠤᠰᠤᠯᠠᠯᠲᠠ ᠶᠢᠨ ᠲᠠᠯᠠᠪᠠᠶ ᠨᠢ ᠪᠠᠷᠤᠭ 3.5 ᠲᠦᠮᠡᠨ ᠮᠦ ᠪᠣᠯᠣᠨ᠎ᠠ᠃      ᠣᠶᠢᠯᠠᠭᠠᠭᠰᠠᠨ ᠢᠶᠠᠷ᠂ ᠮᠠᠨ ᠤ ᠤᠯᠤᠰ ᠤᠨ 4 ᠥᠪ ᠲᠠᠢ ᠬᠠᠮᠲᠤ ᠠᠷᠪᠠᠳᠤᠭᠠᠷ ᠪᠦᠯᠦᠭ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠣᠷᠣᠭᠰᠠᠨ ᠨᠢ ᠡᠨᠡᠳᠬᠡᠭ᠂ ᠢᠨᠳᠤᠨᠧᠰᠢᠶ᠎ᠠ᠂ ᠢᠷᠠᠺ᠂ ᠶᠠᠫᠤᠨ᠂ ᠲᠠᠢ ᠤᠯᠤᠰ᠂ ᠲᠦᠷᠺ ᠵᠡᠷᠭᠡ ᠤᠯᠤᠰ ᠤᠨ 15 ᠥᠪ ᠪᠤᠶ᠃ ᠣᠳᠣᠬᠠᠨ ᠳᠤ᠂ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠨᠡᠶᠢᠳᠡ 159 ᠪᠣᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号