ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠄ ᠵᠥᠷᠢᠴᠡᠯ ᠢ ᠰᠢᠶ᠋ᠳᠪᠦᠷᠢᠯᠡᠬᠦ ᠰᠢᠨ᠎ᠡ ᠠᠷᠭ᠎ᠠ ᠬᠡᠮᠵᠢᠶ᠎ᠡ ᠣᠯᠠᠨ ᠡᠰᠢᠴᠢᠯᠡᠨ ᠵᠢᠭᠤᠷᠠᠯᠳᠤᠭᠠᠨ ᠢ ᠰᠢᠶ᠋ᠳᠪᠦᠷᠢᠯᠡᠵᠦ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/11/9
     ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠷᠴᠢᠮᠬᠠᠨ ᠳᠤ ᠠᠷᠠᠳ ᠤᠨ ᠰᠢᠭᠦᠬᠦ ᠬᠤᠷᠢᠶᠠᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠲᠠᠰᠤᠭ ᠪᠠ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠬᠦ ᠲᠠᠰᠤᠭ ᠭᠠᠷᠭᠠᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ + ᠰᠢᠭᠦᠬᠦ ᠬᠤᠷᠢᠶ᠎ᠠ︾ ᠶᠢᠨ ᠬᠢᠨᠠᠯᠲᠠ ᠲᠠᠯᠪᠢᠬᠤ᠂ ᠡᠶᠡᠳᠡᠭᠦᠯᠬᠦ ᠠᠵᠢᠯ ᠢ ᠰᠢᠨ᠎ᠡ ᠪᠠᠷ ᠥᠷᠨᠢᠭᠦᠯᠪᠡ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠬᠤ ᠶᠢ ᠴᠢᠬᠤᠯᠠᠴᠢᠯᠠᠪᠠ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠲᠤᠭᠤᠰᠢᠯᠠᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠭᠤᠣᠯ ᠰᠡᠳᠦᠪᠲᠦ ᠬᠥᠮᠦᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ ᠪᠠ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠠᠰᠤᠭ ᠢ ᠪᠠᠶᠢᠭᠤᠯᠬᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠭᠦᠬᠦ ᠬᠤᠷᠢᠶᠠᠨ ᠳᠤ ᠬᠢᠨᠠᠯᠲᠠ ᠲᠠᠯᠪᠢᠬᠤ ᠠᠵᠢᠯ ᠤᠨ ᠠᠷᠭ᠎ᠠ ᠵᠠᠮ ᠢ ᠥᠷᠭᠡᠳᠬᠡᠵᠦ᠂ ᠰᠢᠭᠦᠬᠦ ᠬᠤᠷᠢᠶᠠᠨ ᠤ ᠲᠥᠯᠥᠭᠡᠯᠡᠭᠴᠢ ᠲᠠᠢ ᠬᠠᠷᠢᠯᠴᠠᠬᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠭᠦᠨᠵᠡᠭᠡᠶᠢᠷᠡᠭᠦᠯᠬᠦ ᠰᠢᠨ᠎ᠡ ᠲᠠᠪᠴᠠᠩ ᠢ ᠪᠠᠶᠢᠭᠤᠯᠬᠤ ᠶᠢᠨ ᠲᠥᠯᠥᠭᠡ ᠶᠤᠮ᠃      ᠠᠵᠢᠯᠯᠠᠬᠤ ᠲᠠᠰᠤᠭ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ᠂ ᠰᠢᠶᠠᠨ᠂ ᠰᠢᠶᠠᠩ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ ᠰᠢᠭᠦᠬᠦ ᠬᠤᠷᠢᠶᠠᠨ ᠳᠤ ᠪᠠᠶᠢᠩᠭᠤ ᠬᠦᠷᠴᠦ᠂ ᠵᠠᠭᠠᠯᠳᠤᠯᠭ᠎ᠠ ᠠᠴᠠ ᠡᠮᠦᠨᠡᠬᠢ ᠵᠥᠷᠢᠴᠡᠯ ᠢ ᠡᠶᠡᠳᠡᠭᠦᠯᠬᠦ᠂ ᠬᠡᠷᠡᠭ ᠤᠨ ᠲᠢᠩᠬᠢᠮ ᠤᠨ ᠰᠢᠭᠦᠯᠲᠡ ᠬᠢᠬᠦ᠂ ᠴᠢᠬᠤᠯᠠ ᠶᠡᠭᠡ ᠬᠡᠷᠡᠭᠵᠢᠭᠦᠯᠦᠯᠲᠡ ᠶᠢ ᠭᠡᠷᠡᠴᠢᠯᠡᠬᠦ ᠵᠡᠷᠭᠡ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ︽ᠵᠠᠢ ᠵᠠᠪᠰᠠᠷ ᠦᠭᠡᠢ︾ ᠪᠠᠷ ᠬᠢᠨᠠᠯᠲᠠ ᠲᠠᠯᠪᠢᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠥᠷᠨᠢᠭᠦᠯᠬᠦ ᠪᠣᠯᠤᠨ᠎ᠠ᠃ ᠠᠵᠢᠯᠯᠠᠬᠤ ᠲᠠᠰᠤᠭ ᠢ ᠪᠠᠶᠢᠭᠤᠯᠬᠤ ᠪᠣᠯ ᠨᠡᠶᠢᠭᠡᠮ ᠤᠨ ᠡᠶ᠎ᠡ ᠵᠣᠬᠢᠴᠠᠯ ᠢ ᠤᠯᠠᠮ ᠨᠢᠭᠡ ᠠᠯᠬᠤᠮ ᠠᠬᠢᠭᠤᠯᠬᠤ᠂ ᠤᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ ᠪᠣᠳᠠᠲᠠᠶ ᠠᠷᠭ᠎ᠠ ᠬᠡᠮᠵᠢᠶ᠎ᠡ ᠮᠥᠨ᠂ ᠬᠠᠤᠯᠢ ᠪᠠᠷ ᠵᠠᠰᠠᠬᠤ ᠦᠴᠤᠸᠠᠨ ᠢ ᠪᠦᠬᠦ ᠲᠠᠯ᠎ᠠ ᠪᠠᠷ ᠪᠠᠶᠢᠭᠤᠯᠬᠤ ᠴᠢᠬᠤᠯᠠ ᠠᠴᠢᠶᠠᠯᠠᠪᠤᠷᠢ ᠮᠥᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ + ᠰᠢᠭᠦᠬᠦ ᠬᠤᠷᠢᠶ᠎ᠠ︾ ᠶᠢᠨ ᠵᠥᠷᠢᠴᠡᠯ ᠢ ᠰᠢᠶ᠋ᠳᠪᠦᠷᠢᠯᠡᠬᠦ ᠰᠢᠨ᠎ᠡ ᠵᠠᠭᠪᠤᠷ ᠤᠨ ᠪᠠᠰᠠ ᠨᠢᠭᠡ ᠤᠳᠠᠭᠠᠨ ᠤ ᠢᠳᠡᠪᠬᠢᠲᠡᠶ ᠰᠦᠪᠡᠭᠴᠢᠯᠡᠯᠳᠡ ᠮᠥᠨ᠃      ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯᠯᠠᠬᠤ ᠲᠠᠰᠤᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠳᠤ ᠭᠦᠨ ᠦᠨᠳᠦᠰᠦᠯᠡᠭᠰᠡᠨ ᠳᠠᠪᠠᠭᠤᠯᠢᠭ᠂ ᠠᠵᠢᠯ ᠢ ᠠᠬᠢᠭᠤᠯᠬᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠬᠢᠭᠡᠳ ᠠᠷᠠᠳ ᠤᠨ ᠰᠢᠭᠦᠬᠦ ᠬᠤᠷᠢᠶᠠᠨ ᠤ ᠣᠯᠠᠨ ᠡᠰᠢᠴᠢᠯᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ᠂ ᠲᠥᠪ ᠭᠤᠣᠯᠴᠢ ᠪᠠᠷ ᠬᠠᠤᠯᠢ ᠪᠠᠷᠢᠬᠤ ᠵᠡᠷᠭᠡ ᠴᠢᠳᠠᠮᠵᠢ ᠲᠠᠢ ᠪᠦᠲᠦᠮᠵᠢᠲᠡᠶ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠳᠤ ᠣᠷᠣᠯᠴᠠᠬᠤ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠣᠯᠠᠨ ᠲᠦᠮᠡᠨ ᠳᠤ ᠨᠡᠩ ᠳᠥᠭᠦᠮ ᠳᠥᠲᠡ᠂ ᠨᠡᠩ ᠳᠣᠣᠷ᠎ᠠ ᠥᠪᠡᠷ ᠤᠨ ᠥᠷᠲᠡᠭ ᠲᠠᠢ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠬᠠᠩᠭᠠᠨ᠎ᠠ᠃      ᠠᠵᠢᠯᠯᠠᠬᠤ ᠲᠠᠰᠤᠭ ᠢ ᠪᠠᠶᠢᠭᠤᠯᠤᠭᠰᠠᠨ ᠠᠴᠠ ᠨᠠᠭᠠᠰᠢ᠂ ᠤᠯᠠᠨ ᠡᠰᠢᠴᠢᠯᠡᠭᠰᠡᠨ ᠡᠶᠡᠳᠡᠭᠦᠯᠭᠡ ᠶᠢ ᠬᠡᠷᠡᠭᠯᠡᠨ᠂ ᠡᠶᠡᠳᠡᠭᠦᠯᠭᠡ ᠶᠢᠨ ᠦᠷ᠎ᠡ ᠳ᠋ᠦᠩ ᠢ ᠬᠠᠤᠯᠢ ᠶᠣᠰᠣᠭᠠᠷ ᠲᠦᠷᠭᠡᠨ ᠭᠦᠢᠴᠡᠳᠬᠡᠬᠦ ᠶᠢ ᠪᠠᠲᠤᠯᠠᠵᠤ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠴᠠᠭ ᠲᠤᠬᠠᠶ ᠳᠤᠨᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠢ ᠤᠯᠠᠮ ᠨᠢᠭᠡ ᠠᠯᠬᠤᠮ ᠪᠠᠲᠤᠯᠠᠵᠤ᠂ ᠵᠥᠷᠢᠴᠡᠯ ᠰᠢᠷᠦᠭᠦᠰᠬᠦ ᠶᠢ ᠰᠡᠷᠭᠡᠶᠢᠯᠡᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ᠂ ᠨᠡᠶᠢᠯᠡᠬᠦ ᠬᠦᠴᠦᠨ ᠪᠠ ᠵᠣᠬᠢᠴᠠᠭᠤᠯᠬᠤ ᠬᠦᠴᠦᠨ ᠢ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠨᠡᠶᠢᠭᠡᠮ ᠤᠨ ᠵᠠᠰᠠᠯᠲᠠ ᠶᠢ ᠠᠬᠢᠭᠤᠯᠪᠠ᠃ ᠣᠲᠣ ᠪᠣᠯᠲᠠᠯ᠎ᠠ᠂ ᠡᠶᠡᠳᠡᠭᠦᠯᠭᠡ ᠶᠢᠨ ᠬᠡᠷᠡᠭ ᠢ ᠨᠡᠶᠢᠲᠡ 26 ᠬᠤᠪᠢ ᠭᠥᠯᠢᠶᠡᠨ ᠠᠪᠴᠤ ᠰᠢᠢᠳᠪᠦᠷᠢᠯᠡᠵᠦ᠂ 12 ᠬᠤᠪᠢ ᠶᠢ ᠨᠢ ᠠᠮᠵᠢᠯᠲᠠ ᠲᠠᠢ ᠡᠶᠡᠳᠡᠭᠦᠯᠵᠦ᠂ ᠪᠤᠰᠤᠳ ᠵᠦᠢᠯ ᠢ ᠶᠠᠭ ᠡᠮᠬᠢ ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ᠂ ᠡᠨᠡ ᠬᠦ ᠠᠵᠢᠯᠯᠠᠭ᠎ᠠ ᠨᠢ ᠠᠷᠠᠳ ᠣᠯᠠᠨ ᠳᠤ ᠬᠠᠤᠯᠢ ᠪᠠᠷ ᠵᠠᠰᠠᠬᠤ ᠶᠢᠨ ᠬᠠᠯᠠᠭᠤᠨ ᠳᠤᠯᠠᠭᠠᠨ ᠪᠠ ᠬᠦᠴᠦᠨ ᠴᠢᠳᠠᠯ ᠢ ᠤᠯᠠᠮ ᠨᠢᠭᠡ ᠠᠯᠬᠤᠮ ᠮᠡᠳᠡᠷᠡᠭᠦᠯᠵᠦ᠂ ᠠᠷᠠᠳ ᠣᠯᠠᠨ ᠤ ᠬᠠᠤᠯᠢ ᠴᠠᠭᠠᠵᠠ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号