ᠵᠢᠷᠭᠤᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠦᠵᠡᠭᠦᠯᠭᠡ ᠶᠢᠨ ᠬᠤᠭᠤᠴᠠᠭ᠎ᠠ ᠬᠠᠭᠠᠰ ᠥᠩᠭᠡᠷᠡᠵᠦ 600 ᠰᠢᠬᠠᠮ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ
ᠨᠡᠶᠢᠲᠡᠯᠡᠭᠰᠡᠨ ᠴᠠᠭ᠄
2023/11/9
     ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠡᠬᠢᠯᠡᠭᠰᠡᠨ ᠠᠴᠠ ᠨᠠᠭᠠᠰᠢ᠂ ᠦᠵᠡᠰᠭᠦᠯᠡᠩ ᠤᠨ ᠴᠤᠭᠯᠠᠭᠠᠨ ᠲᠣᠭᠲᠠᠭᠤᠨ ᠪᠥᠭᠡᠳ ᠤᠷᠤᠭᠰᠢᠲᠠᠢ ᠶᠠᠪᠤᠭᠳᠠᠪᠠ᠃ ᠣᠳᠣᠬᠠᠨ ᠪᠤᠯᠲᠠᠯ᠎ᠠ᠂ ᠲᠥᠪ ᠤᠨ ᠠᠵᠤ ᠠᠬᠤᠶᠢᠯᠠᠯ ᠤᠨ ᠠᠷᠠᠯᠵᠢᠶᠠᠨ ᠤ ᠪᠦᠯᠭᠦᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠷᠠᠯᠵᠢᠶᠠᠨ ᠤ ᠪᠦᠯᠭᠦᠮ᠂ ᠬᠠᠮᠢᠶ᠎ᠠ ᠪᠦᠬᠦᠢ ᠣᠷᠣᠨ ᠨᠤᠲᠤᠭ ᠤᠨ ᠠᠷᠠᠯᠵᠢᠶᠠᠨ ᠤ ᠪᠦᠯᠭᠦᠮ ᠨᠡᠶᠢᠲᠡ 85 ᠲᠠᠯᠠᠪᠤᠷ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠥᠷᠨᠢᠭᠦᠯᠵᠦ᠂ 600 ᠰᠢᠬᠠᠮ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃      ᠡᠨᠡ ᠪᠣᠯ ᠰᠤᠷᠪᠤᠯᠵᠢᠯᠠᠬᠴᠢ ᠶᠢᠨ 7 ᠤ ᠡᠳᠦᠷ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠠᠴᠠ ᠣᠶᠢᠯᠠᠭᠠᠭᠰᠠᠨ ᠮᠡᠳᠡᠭᠡ ᠪᠣᠯᠣᠨ᠎ᠠ᠃ ᠬᠤᠩ ᠴᠢᠶᠤᠤ ᠶᠠᠷᠢᠶᠠᠨ ᠤ ᠲᠠᠪᠴᠠᠩ ᠤᠨ ᠲᠠᠯ᠎ᠠ ᠪᠠᠷ᠂ ︽ᠪᠡᠯᠡ ᠣᠷᠣᠭᠤᠯᠤᠯᠲᠠ ᠶᠢᠨ ᠳᠤᠮᠳᠠᠳᠤ ᠤᠯᠤᠰ ᠤᠨ ᠣᠨ︾ ᠤ ᠲᠦᠷᠦᠭᠦᠴᠦᠳ ᠤᠨ ᠬᠤᠷᠠᠯ ᠵᠢᠴᠢ ᠱᠠᠩᠬᠠᠢ ᠬᠤᠲᠠ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠠᠮᠵᠢᠯᠲᠠ ᠲᠠᠢ ᠶᠠᠪᠤᠭᠳᠠᠵᠤ᠂ ︽ᠪᠡᠯᠡ ᠣᠷᠣᠭᠤᠯᠤᠯᠲᠠ ᠶᠢᠨ ᠳᠤᠮᠳᠠᠳᠤ ᠤᠯᠤᠰ ᠤᠨ ᠣᠨ︾ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠵᠦ᠂ 5 ᠲᠠᠯᠠᠪᠤᠷ ᠲᠣᠭᠤᠷᠢᠭ ᠰᠢᠷᠡᠭᠡᠨ ᠤ ᠬᠤᠷᠠᠯ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠤᠰᠬᠠᠢ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠡᠷᠭᠢᠯᠡᠪᠡ᠃ ︽ᠳᠡᠯᠡᠬᠡᠢ ᠶᠢᠨ ᠨᠡᠭᠡᠭᠡᠯᠲᠡ ᠶᠢᠨ ᠮᠡᠳᠡᠭᠦᠯᠦᠯᠲᠡ 2023︾ ᠶᠢ ᠨᠡᠶᠢᠲᠡᠯᠡᠬᠦ ᠵᠢᠴᠢ ᠤᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠵᠡᠷᠭᠡ 22 ᠬᠤᠪᠢᠶᠠᠷᠢ ᠶᠠᠷᠢᠶᠠᠨ ᠤ ᠲᠠᠪᠴᠠᠩ ᠨᠢ ︽ᠨᠡᠭᠡᠭᠡᠯᠲᠡᠲᠤ ᠬᠥᠭᠵᠢᠯᠲᠡ︾᠂ ︽ᠨᠡᠭᠡᠭᠡᠯᠲᠡᠲᠤ ᠬᠠᠮᠲᠤᠷᠠᠯᠴᠠᠭ᠎ᠠ︾᠂ ︽ᠨᠡᠭᠡᠭᠡᠯᠲᠡᠲᠤ ᠰᠢᠨ᠎ᠡ ᠡᠭᠦᠳᠦᠯᠲᠡ︾᠂ ︽ᠨᠡᠭᠡᠭᠡᠯᠲᠡᠲᠤ ᠬᠠᠮᠲᠤ ᠪᠠᠷ ᠡᠳ᠋ᠯᠡᠬᠦ︾ ᠵᠡᠷᠭᠡ ᠳᠦᠷᠪᠡᠨ ᠶᠡᠭᠡ ᠰᠡᠳᠦᠪ ᠤᠨ ᠲᠣᠭᠤᠷᠢᠨ ᠳᠤ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠣᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠠᠯᠠᠮᠰᠢᠯ ᠰᠡᠳᠦᠪ ᠤᠨ ᠲᠤᠬᠠᠢ ᠥᠷᠭᠡᠨ ᠭᠦᠨᠵᠡᠭᠡᠢ ᠰᠤᠳᠤᠯᠤᠨ ᠶᠠᠷᠢᠯᠴᠠᠵᠤ᠂ ︽ᠳᠡᠯᠡᠬᠡᠢ ᠶᠢᠨ ᠨᠡᠭᠡᠭᠡᠯᠲᠡ ᠶᠢᠨ ᠮᠡᠳᠡᠭᠦᠯᠦᠯᠲᠡ 2023︾ ᠪᠣᠯᠣᠨ ᠬᠠᠮᠤᠭ ᠤᠨ ᠰᠢᠨ᠎ᠡ ᠳᠡᠯᠡᠬᠡᠢ ᠶᠢᠨ ᠨᠡᠭᠡᠭᠡᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠪᠡ᠃      ᠤᠯᠤᠰ ᠤᠨ ᠦᠵᠡᠭᠦᠯᠭᠡ ︽ᠭᠤᠸ᠎ᠠ ᠰᠠᠶᠢᠬᠠᠨ ᠢ ᠬᠠᠮᠲᠤ ᠪᠠᠷ ᠡᠳ᠋ᠯᠡᠶ᠎ᠡ︾ ᠳᠤ ᠣᠷᠣᠯᠴᠠᠬᠰᠠᠨ 72 ᠦᠵᠡᠭᠦᠯᠭᠡ ᠶᠢᠨ ᠲᠠᠯ᠎ᠠ ᠶᠢᠨ ᠬᠢᠨ ᠭᠤᠶᠢᠳᠠ ᠰᠠᠶᠢᠬᠠᠨ ᠲᠣᠬᠯᠠᠯᠲᠠ ᠭᠠᠷᠭᠠᠵᠤ᠂ ᠦᠵᠡᠭᠦᠯᠭᠡ ᠶᠢᠨ ᠲᠠᠶᠢᠰᠠᠨ ᠤ ᠵᠢᠷᠤᠭ ᠲᠥᠯᠥᠪᠯᠡᠭᠡ ᠨᠢ ᠲᠣᠰ ᠲᠣᠰ ᠤᠨ ᠣᠨᠴᠠᠯᠢᠭ ᠲᠠᠢ ᠪᠠᠶᠢᠵᠤ᠂ ᠤᠯᠠᠮᠵᠢᠯᠠᠯᠲᠤ ᠰᠣᠶᠣᠯ᠂ ᠦᠨᠳᠦᠰᠦᠲᠡᠨ ᠤ ᠵᠠᠩ ᠦᠶᠯᠡ ᠪᠣᠯᠣᠨ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠭᠤᠰᠤᠯᠴᠠᠭᠤᠯᠵᠤ᠂ ᠡᠯ᠎ᠡ ᠤᠯᠤᠰ ᠤᠨ ᠳᠠᠪᠠᠭᠤᠯᠢᠭ ᠠᠵᠤ ᠦᠢᠯᠡᠰ ᠪᠣᠯᠣᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠳᠤᠮᠳᠠᠳᠤ ᠤᠯᠤᠰ ᠤᠨ ᠣᠷᠳᠣᠨ ᠳᠤ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠭᠰᠠᠨ ᠠᠷᠪᠠᠨ ᠵᠢᠯ ᠤᠨ ᠣᠶ ᠶᠢᠨ ᠠᠮᠵᠢᠯᠲᠠ ᠪᠦᠲᠦᠮᠵᠢ︾ ᠪᠠᠷ ᠭᠤᠣᠯᠳᠠᠯᠭ᠎ᠠ ᠪᠣᠯᠭᠠᠨ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠠᠶᠢᠨ ᠰᠦᠪᠡᠭᠴᠢᠯᠡᠯᠲᠡ ᠶᠢᠨ ᠦᠢᠯᠡᠳᠦᠯᠭᠡ ᠪᠠ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠪᠦᠭᠦ ᠲᠠᠯ᠎ᠠ ᠪᠠᠷ ᠳᠡᠯᠭᠡᠨ ᠦᠵᠡᠭᠦᠯᠪᠡ᠃ ᠠᠵᠤ ᠠᠬᠤᠶᠢᠯᠠᠯ ᠤᠨ ᠦᠵᠡᠭᠦᠯᠭᠡ ᠤᠯᠠᠨ ᠤ ᠬᠦᠷᠢᠶᠡᠯᠡᠯ ᠢ ᠣᠯᠵᠤ᠂ ᠵᠢᠷᠭᠤᠭᠠᠨ ᠶᠡᠭᠡ ᠦᠵᠡᠭᠦᠯᠭᠡ ᠶᠢᠨ ᠲᠣᠭᠤᠷᠢᠭ ᠲᠤ ᠬᠥᠮᠥᠰ ᠬᠤᠷᠠᠨ ᠴᠤᠭᠯᠠᠷᠠᠵᠤ᠂ ᠲᠤᠬᠠᠢ ᠶᠢᠨ ᠲᠠᠯᠠᠪᠠᠢ ᠳᠤ ᠬᠡᠯᠡᠯᠴᠡᠭᠡ ᠬᠢᠵᠦ᠂ ᠰᠠᠨᠠᠯ ᠢᠶᠠᠨ ᠰᠣᠯᠢᠯᠴᠠᠬᠤ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃ ᠪᠦᠭᠦ ᠪᠥᠮᠪᠥᠷᠴᠡᠭ ᠲᠤ ᠠᠩᠬ᠎ᠠ ᠲᠠᠷᠬᠠᠭᠠᠵᠤ᠂ ᠠᠽᠢᠶ᠎ᠠ ᠲᠢᠪ ᠲᠤ ᠠᠩᠬ᠎ᠠ ᠳᠡᠯᠭᠡᠭᠳᠡᠵᠦ᠂ ᠳᠤᠮᠳᠠᠳᠤ ᠤᠯᠤᠰ ᠲᠤ ᠠᠩᠬ᠎ᠠ ᠦᠵᠡᠭᠦᠯᠵᠦ ᠪᠠᠶᠢᠭ᠎ᠠ ᠰᠢᠨ᠎ᠡ ᠦᠢᠯᠡᠳᠬᠦᠨ ᠰᠢᠨ᠎ᠡ ᠮᠡᠷᠭᠡᠵᠢᠯ ᠰᠢᠨ᠎ᠡ ᠦᠢᠯᠡᠴᠢᠯᠡᠭᠡ ᠠᠩᠬᠠᠷᠤᠯ ᠤᠨ ᠲᠥᠪ ᠪᠣᠯᠪᠠ᠃      ᠳᠣᠯᠣᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠪᠡᠯᠡᠳᠬᠡᠯ ᠠᠵᠢᠯ ᠨᠢᠭᠡᠨᠲᠡ ᠪᠦᠭᠦ ᠲᠠᠯ᠎ᠠ ᠪᠠᠷ ᠡᠬᠢᠯᠡᠵᠦ᠂ ᠡᠯ᠎ᠡ ᠤᠯᠤᠰ ᠤᠨ ᠠᠵᠤ ᠠᠬᠤᠶᠢᠯᠠᠯ ᠢᠳᠡᠪᠬᠢᠲᠡᠢ ᠨᠡᠷ᠎ᠡ ᠮᠡᠳᠡᠭᠦᠯᠵᠡᠢ᠃ 6 ᠤ ᠣᠷᠣᠢ ᠶᠠᠪᠤᠭᠳᠠᠭᠰᠠᠨ 2023 ᠣᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠣᠷᠤᠯᠴᠠᠬᠤ ᠬᠤᠳᠠᠯᠳᠤᠭᠠᠴᠢᠳ ᠤᠨ ᠬᠤᠯᠪᠣᠭᠠᠨ ᠤ ᠶᠡᠭᠡ ᠬᠤᠷᠠᠯ ᠳᠡᠭᠡᠷ᠎ᠡ᠂ 60 ᠭᠠᠷᠤᠢ ᠠᠵᠤ ᠠᠬᠤᠶᠢᠯᠠᠯ ᠵᠢᠴᠢ ᠪᠠᠶᠢᠭᠤᠯᠤᠮᠵᠢ ᠳᠣᠯᠣᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠣᠷᠤᠯᠴᠠᠬᠤ ᠪᠠᠷ ᠬᠠᠮᠲᠤ ᠪᠠᠷ ᠭᠠᠷ ᠤᠨ ᠥᠰᠥᠭ ᠵᠢᠷᠤᠵᠤ᠂ ᠵᠥᠪᠯᠡᠯᠴᠡᠭᠡᠷ ᠲᠣᠭᠲᠠᠭᠰᠠᠨ ᠦᠵᠡᠭᠦᠯᠭᠡ ᠶᠢᠨ ᠳᠠᠯᠠᠪᠠᠢ 4 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠪᠠ᠃      ᠣᠳᠣᠬᠠᠨ ᠪᠤᠯᠲᠠᠯ᠎ᠠ᠂ ᠲᠥᠪ ᠤᠨ ᠠᠵᠤ ᠠᠬᠤᠶᠢᠯᠠᠯ ᠤᠨ ᠠᠷᠠᠯᠵᠢᠶᠠᠨ ᠤ ᠪᠦᠯᠭᠦᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠷᠠᠯᠵᠢᠶᠠᠨ ᠤ ᠪᠦᠯᠭᠦᠮ᠂ ᠬᠠᠮᠢᠶ᠎ᠠ ᠪᠦᠬᠦᠢ ᠣᠷᠣᠨ ᠨᠤᠲᠤᠭ ᠤᠨ ᠠᠷᠠᠯᠵᠢᠶᠠᠨ ᠤ ᠪᠦᠯᠭᠦᠮ ᠨᠡᠶᠢᠲᠡ 85 ᠲᠠᠯᠠᠪᠤᠷ ᠲᠥᠪᠯᠡᠷᠡᠭᠦᠯᠦᠨ ᠵᠥᠪᠯᠡᠯᠴᠡᠭᠡᠷ ᠲᠣᠭᠲᠠᠬᠤ ᠠᠵᠢᠯᠯᠠᠭ᠎ᠠ ᠥᠷᠨᠢᠭᠦᠯᠵᠦ᠂ 600 ᠰᠢᠬᠠᠮ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号