11 ᠰᠠᠷ᠎ᠠ ᠶᠢᠨ 8 ᠤ ᠡᠳᠦᠷ᠂ ᠬᠤᠷᠢᠨ ᠳᠥᠷᠪᠡᠳᠡᠬᠢ ᠳᠤᠮᠳᠠᠳᠤ ᠤᠯᠤᠰ ᠤᠨ ᠰᠣᠷᠪᠤᠯᠵᠢᠯᠠᠬᠴᠢᠳ ᠤᠨ | ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠤ ᠦᠢᠯᠡᠰ ᠤᠨ ᠨᠡᠶᠢᠭᠡᠮᠯᠢᠭ᠂ ᠪᠦᠭᠦ ᠣᠷᠣᠨ ᠤ ᠨᠠᠮ ᠤᠨ | ᠵᠠᠭᠤᠴᠢᠯᠠᠭᠤᠷ ᠤᠨ ᠲᠠᠯ᠎ᠠ ᠨᠤᠲᠤᠭ ᠤᠨ ᠡᠭᠦᠯᠡᠨ ᠳᠠᠮᠵᠢᠭᠤᠯᠭ᠎ᠠ ᠶᠢᠨ ᠬᠠᠮᠵᠢᠯᠴᠠᠬᠤ ᠬᠤᠷᠠᠯ ᠠᠴᠠ ᠬᠠᠮᠲᠤᠷᠠᠨ | ᠡᠷᠭᠢᠯᠡᠭᠰᠡᠨ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠶ᠎ᠠ·ᠤᠮᠠᠷᠠᠲᠤ | ᠬᠢᠯᠢ ᠶᠢᠨ ᠰᠢᠨ᠎ᠡ ᠦᠢᠯᠡᠳᠦᠯᠭᠡ︾ ᠪᠦᠷᠢᠨ ᠵᠠᠭᠤᠴᠢᠯᠠᠭᠤᠷ ᠤᠨ ᠬᠠᠮᠲᠤᠷᠠᠨ ᠰᠤᠷᠪᠤᠯᠵᠢᠯᠠᠬᠤ ᠠᠵᠢᠯᠯᠠᠭ᠎ᠠ ᠶᠢᠨ | ᠠᠬᠤᠢ ᠲᠠᠯᠠᠪᠠᠶ ᠶᠢᠨ ᠣᠬᠤᠷ ᠰᠣᠨᠢᠨ ᠮᠡᠳᠡᠭᠡᠨ ᠤ ᠤᠷᠤᠯᠳᠤᠭᠠᠨ ᠤ ᠱᠠᠩᠨᠠᠯ ᠣᠯᠣᠭᠰᠠᠨ ᠪᠦᠲᠦᠭᠡᠯ ᠢ ᠵᠢᠩᠬᠢᠨᠢ ᠪᠠᠷ | ᠨᠡᠶᠢᠲᠡᠯᠡᠪᠡ᠃ | ᠠᠬᠤᠢ ᠲᠠᠯᠠᠪᠠᠢ ᠶᠢᠨ ᠣᠬᠤᠷ ᠰᠣᠨᠢᠨ ᠮᠡᠳᠡᠭᠡᠨ ᠤ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ | ᠰᠢᠯᠭᠠᠷᠠᠭᠤᠯᠤᠯᠲᠠ ᠪᠠᠷ ᠳᠠᠮᠵᠢᠨ︽ᠰᠠᠨᠰᠠᠷ ᠣᠷᠴᠢᠯᠠᠩ ᠤᠨ ᠲᠤᠬᠠᠢ ᠰᠠᠶᠢᠬᠠᠨ ᠬᠢᠴᠢᠶᠡᠯ︕︾ ︵ᠮᠡᠳᠡᠭᠡᠯᠡᠯ︶ ᠵᠡᠷᠭᠡ 5 | ᠪᠦᠲᠦᠭᠡᠯ ᠨᠢᠭᠡᠳᠦᠭᠡᠷ ᠳᠡᠰ ᠤᠨ ᠱᠠᠩᠨᠠᠯ ᠬᠦᠷᠲᠡᠵᠦ᠂︽ᠡᠷᠳᠡᠨᠢ ᠬᠠᠶᠢᠭᠰᠠᠨ ᠲᠡᠮᠳᠡᠭᠯᠡᠯ︾ ︵ᠠᠭᠤᠰᠤᠯᠴᠠᠯ ᠮᠡᠳᠡᠭᠡᠯᠡᠯ︶ | ᠵᠡᠷᠭᠡ 10 ᠪᠦᠲᠦᠭᠡᠯ ᠬᠤᠶᠠᠳᠤᠭᠠᠷ ᠳᠡᠰ ᠤᠨ ᠱᠠᠩᠨᠠᠯ ᠬᠦᠷᠲᠡᠵᠦ᠂︽ᠮᠢᠨᠤ ᠲᠠᠯ᠎ᠠ ᠨᠤᠲᠤᠭ ᠮᠢᠨᠤ ᠮᠣᠷᠢ︾ | ︵ᠠᠭᠤᠰᠤᠯᠴᠠᠯ ᠮᠡᠳᠡᠭᠡᠯᠡᠯ︶ᠵᠡᠷᠭᠡ 20 ᠪᠦᠲᠦᠭᠡᠯ ᠭᠤᠷᠪᠠᠳᠤᠭᠠᠷ ᠳᠡᠰ ᠤᠨ ᠱᠠᠩᠨᠠᠯ ᠬᠦᠷᠲᠡᠵᠦ᠂ ︽ᠡᠯᠡᠰᠦᠨ ᠴᠦᠯ | ᠠᠴᠠ ᠠᠩᠬᠢᠯᠤᠮ᠎ᠠ ᠦᠨᠦᠷ ᠬᠠᠩᠬᠤᠯᠵᠤ ᠶᠡᠭᠡ ᠭᠤᠪᠢ ᠳᠤ︿ᠰᠢᠵᠢᠷ ᠠᠯᠳᠠ﹀ ᠭᠢᠯᠠᠯᠵᠠᠨ᠎ᠠ︾ ︵ᠮᠡᠳᠡᠭᠡᠯᠡᠯ︶ᠵᠡᠷᠭᠡ 30 | ᠪᠦᠲᠦᠭᠡᠯ ᠰᠢᠯᠢᠳᠡᠭ ᠪᠦᠲᠦᠭᠡᠯ ᠤᠨ ᠱᠠᠩᠨᠠᠯ ᠬᠦᠷᠲᠡᠵᠦ᠂ ᠪᠤᠭᠤᠲᠤ ᠬᠤᠲᠠ ᠶᠢᠨ ᠬᠠᠮ ᠵᠠᠭᠤᠴᠢᠯᠠᠭᠤᠷ ᠤᠨ ᠲᠥᠪ | ᠵᠡᠷᠭᠡ 12 ᠨᠢᠭᠡᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠦᠷᠳᠡᠪᠡ᠃ | ᠣᠶᠢᠯᠠᠭᠠᠭᠰᠠᠨ ᠢᠶᠠᠷ᠂ ᠳᠤᠰ ᠤᠷᠤᠯᠳᠤᠭᠠᠨ ᠤ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠤᠨ ᠵᠣᠷᠢᠭ ᠰᠠᠨᠠᠭᠠᠨ ᠤ ᠲᠣᠭᠤᠷᠢᠨ ᠳᠤ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠭᠤᠴᠢᠯᠠᠭᠤᠷ ᠤᠨ ᠬᠢᠨ ᠬᠠᠮᠲᠤᠷᠠᠨ | ᠰᠣᠷᠪᠤᠯᠵᠢᠯᠠᠭ᠎ᠠ ᠬᠢᠭᠰᠡᠨ ᠪᠠᠶᠢᠨ᠎ᠠ᠃ ᠰᠤᠷᠪᠤᠯᠵᠢᠯᠠᠬᠴᠢᠳ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠭᠦᠨᠵᠡᠭᠡᠶᠢᠷᠡᠨ᠂ ᠰᠣᠨᠢᠨ ᠮᠡᠳᠡᠭᠡᠨ ᠤ ᠠᠬᠤᠢ ᠲᠠᠯᠠᠪᠠᠢ ᠳᠤ ᠭᠦᠨᠵᠡᠭᠡᠶᠢᠷᠡᠵᠦ᠂ ︽ᠣᠬᠤᠷ ᠪᠣᠳᠠᠲᠠᠢ ᠰᠢᠨ᠎ᠡ︾ ᠶᠢ | ᠪᠠᠷᠢᠮᠲᠠᠯᠠᠨ᠂ ᠴᠥᠭᠡᠨ ᠶᠠᠷᠢᠵᠤ ᠣᠬᠤᠷ ᠵᠣᠬᠢᠶᠠᠯ ᠪᠢᠴᠢᠬᠦ᠂ ᠦᠨᠡᠨ ᠦᠭᠡ ᠬᠡᠯᠡᠬᠦ᠂ ᠪᠣᠳᠠᠲᠠᠢ ᠶᠢ ᠬᠡᠯᠡᠬᠦ ᠪᠠᠷ ᠳᠠᠮᠵᠢᠨ᠂ | ᠰᠣᠳᠣᠨ ᠪᠦᠲᠦᠭᠡᠯ ᠳᠡᠪᠰᠢᠭᠦᠯᠵᠡᠢ᠃ ᠡᠲᠡᠭᠡᠷ ᠪᠦᠲᠦᠭᠡᠯ ᠤᠨ ᠭᠤᠣᠯ ᠰᠡᠳᠦᠪ ᠨᠢ ᠢᠯᠡ ᠲᠣᠳᠣ᠂ ᠦᠢᠯᠡᠳᠦᠭᠰᠡᠨ | ᠨᠢ ᠨᠠᠷᠢᠯᠢᠭ᠂ ᠠᠭᠤᠯᠭ᠎ᠠ ᠨᠢ ᠠᠮᠢᠳᠤᠯᠢᠭ ᠪᠠᠶᠢᠵᠤ᠂ ᠥᠯᠢᠭᠡᠷ ᠪᠠ ᠦᠵᠡᠭᠳᠡᠯ ᠢᠶᠠᠷ ᠳᠠᠮᠵᠢᠭᠤᠯᠤᠨ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠢᠲᠡᠭᠡᠯ ᠵᠣᠷᠢᠭ ᠲᠠᠢ ᠪᠠᠷ ᠥᠪᠡᠷ ᠢ ᠪᠠᠨ | ᠬᠦᠴᠦᠷᠬᠡᠭᠵᠢᠭᠦᠯᠬᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠣᠶᠤᠨ ᠰᠠᠨᠠᠭᠠᠨ ᠤ ᠳᠦᠷᠰᠦ ᠪᠠᠶᠢᠳᠠᠯ | ᠪᠣᠯᠣᠨ ᠪᠦᠯᠬᠦᠮᠳᠡᠨ ᠠᠭᠤᠰᠤᠯᠴᠠᠭᠰᠠᠨ ᠰᠠᠶᠢᠨ ᠰᠠᠶᠢᠬᠠᠨ ᠠᠮᠢᠳᠤᠷᠠᠯ ᠤᠨ ᠪᠠᠶᠢᠳᠠᠯ ᠢ ᠢᠯᠡᠷᠡᠭᠦᠯᠵᠦ᠂︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠠᠮᠢᠳᠤᠯᠢᠭ ᠦᠢᠯᠡᠳᠦᠯᠭᠡ ᠶᠢ | ᠪᠦᠭᠦ ᠦᠵᠡᠮᠵᠢ ᠶᠢᠨ ᠭᠡᠯᠪᠡᠷᠢ ᠪᠠᠷ ᠢᠯᠡᠷᠡᠭᠦᠯᠪᠡ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠲᠥᠪ ᠤᠨ | ᠵᠠᠭᠤᠴᠢᠯᠠᠭᠤᠷ ᠬᠢᠭᠡᠳ ᠭᠤᠷᠪᠠᠨ ᠱᠠᠲᠤᠨ ᠤ ᠵᠠᠭᠤᠴᠢᠯᠠᠭᠤᠷ ᠤᠨ ᠬᠢᠨ ᠨᠡᠶᠢᠲᠡ 300 ᠭᠠᠷᠤᠢ ᠴᠠᠭᠠᠰᠤᠨ | ᠵᠠᠭᠤᠴᠢᠯᠠᠭᠤᠷ ᠤᠨ ᠮᠡᠳᠡᠭᠡᠯᠡᠯ᠂ 2.1 ᠲᠦᠮᠡ ᠭᠠᠷᠤᠢ ᠠᠭᠤᠰᠤᠯᠴᠠᠯ ᠮᠡᠳᠡᠭᠡᠯᠡᠯ᠂ 1000 ᠭᠠᠷᠤᠢ ᠸᠢᠳᠢᠤ᠋ | ᠨᠡᠶᠢᠲᠡᠯᠡᠵᠦ᠂ ᠪᠦᠭᠦ ᠰᠦᠯᠵᠢᠶᠡᠨ ᠤ ᠲᠣᠪᠴᠢᠳᠠᠭᠰᠠᠨ ᠬᠡᠮᠵᠢᠶ᠎ᠡ 2.4 ᠳ᠋ᠦᠩᠰᠢᠭᠤᠷ ᠢ ᠳᠠᠪᠠᠵᠠᠢ᠃ | | |