ᠥᠪᠥᠷ ᠮᠣᠩᠭᠤᠯ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠵᠤ ᠠᠬᠤᠢ ᠶᠢᠨ ᠬᠥᠭᠵᠢᠯᠲᠡ ᠶᠢ ᠬᠠᠮᠵᠢᠯᠴᠠᠭᠤᠯᠤᠨ ᠠᠬᠢᠭᠤᠯᠤᠨ᠎ᠠ
ᠨᠡᠶᠢᠲᠡᠯᠡᠭᠰᠡᠨ ᠴᠠᠭ᠄
2023/11/9
     ᠭᠦᠭᠡᠬᠤᠲᠠ ᠳᠤ ᠪᠠᠶᠢᠷᠢᠯᠠᠭ᠎ᠠ ᠥᠪᠥᠷ ᠮᠣᠩᠭᠤᠯ ᠤᠨ ᠳᠡᠭᠡᠳᠦ ᠴᠢᠳᠠᠪᠬᠢᠲᠤ ᠪᠣᠳᠣᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠤᠯᠬᠤ ︽ᠭᠦᠭᠡᠬᠤᠲᠠ ᠶᠢᠨ ᠭᠡᠷᠡᠯ︾ ᠤᠨ ᠮᠠᠰᠢᠨ ᠤ ᠥᠷᠥᠭᠡᠨ ᠳᠤ ᠣᠷᠣᠬᠤ ᠳᠤ᠂ ᠤᠯᠠᠭᠠᠨ ᠬᠥᠬᠡ ᠠᠯᠠᠭᠯᠠᠭᠰᠠᠨ ᠴᠠᠭᠢᠯᠭᠠᠨ ᠭᠡᠷᠡᠯ ᠠᠬᠢᠨ ᠳᠠᠭᠢᠨ ᠭᠢᠯᠪᠠᠯᠵᠠᠵᠤ᠂ ᠴᠤᠭᠯᠠᠭᠤᠯᠤᠭᠰᠠᠨ ᠮᠡᠳᠡᠭᠡ ᠵᠠᠩᠭᠢ ᠰᠧᠺᠦ᠋ᠨ᠋ᠳ᠋ ᠪᠦᠷᠢ 1 ᠮᠧᠭ᠎ᠠ ᠤᠳᠠᠭ᠎ᠠ ᠶᠢᠨ ᠪᠣᠳᠣᠯᠲᠠ ᠶᠢᠨ ᠬᠤᠷᠳᠤᠯᠠᠮᠵᠢ ᠪᠠᠷ ᠬᠡᠷᠡᠭᠯᠡᠭᠴᠢᠳ ᠲᠤ ᠦᠢᠯᠡᠴᠢᠯᠡᠵᠦ ᠪᠤᠢ᠃      ︽ᠲᠡᠭᠦᠨ ᠤ ᠪᠣᠳᠣᠯᠲᠠ ᠶᠢᠨ  ᠴᠢᠳᠠᠪᠤᠷᠢ ᠨᠢ ᠭᠡᠷ ᠤᠨ ᠬᠡᠷᠡᠭᠯᠡᠭᠡᠨ ᠤ 10 ᠲᠦᠮᠡᠨ ᠺᠤᠮᠫᠢᠦ᠋ᠲ᠋ᠧᠷ ᠲᠠᠢ ᠲᠡᠩᠴᠡᠵᠦ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠪᠣᠳᠣᠯᠲᠠ ᠪᠠ ᠶᠡᠭᠡ ᠬᠡᠪᠴᠢᠶᠡᠨ ᠤ ᠵᠣᠬᠢᠶᠠᠮᠠᠯ ᠣᠶᠤᠨ ᠴᠢᠳᠠᠪᠤᠷᠢ ᠶᠢᠨ ᠪᠣᠯᠪᠠᠰᠤᠷᠠᠯ ᠤᠨ ᠬᠡᠷᠡᠭᠴᠡᠭᠡ ᠶᠢ ᠬᠠᠮᠲᠤ ᠳᠤᠨᠢ ᠬᠠᠩᠭᠠᠵᠤ᠂ ᠬᠡᠷᠡᠭᠯᠡᠯᠲᠡ ᠨᠢ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠡᠯᠧᠺᠲᠷᠣᠨ ᠮᠡᠳᠡᠭᠡ ᠵᠠᠩᠭᠢ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ ᠮᠠᠲ᠋ᠧᠷᠢᠶᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠪᠠᠶᠢᠨ᠎ᠠ︾ ᠭᠡᠵᠦ ᠲᠥᠷᠥᠯ ᠵᠦᠢᠯ ᠤᠨ ᠬᠠᠷᠢᠭᠤᠴᠠᠯᠭᠠᠲᠠᠨ ᠰᠢᠦᠢ ᠰᠢᠩ ᠬᠠᠢ ᠬᠡᠯᠡᠨ᠎ᠡ᠃ ᠲᠡᠷᠡ᠂ ᠣᠳᠣᠬᠠᠨ ᠳᠤ ︽ᠭᠦᠭᠡᠬᠤᠲᠠ ᠶᠢᠨ ᠭᠡᠷᠡᠯ︾ ᠨᠢ ᠣᠷᠣᠨ ᠤ ᠳᠣᠲᠣᠨ᠎ᠠ ᠭᠠᠳᠠᠨᠠᠬᠢ 100 ᠰᠢᠬᠠᠮ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠨᠡᠶᠢᠲᠡ 5200 ᠲᠦᠮᠡᠨ ᠴᠠᠭ ᠤᠨ ᠦᠢᠯᠡᠴᠢᠯᠡᠭᠡ ᠬᠠᠩᠭᠠᠵᠠᠢ ᠭᠡᠵᠦ ᠲᠠᠨᠢᠯᠴᠠᠭᠤᠯᠪᠠ᠃      ᠪᠣᠳᠣᠯᠲᠠ ᠶᠢᠨ  ᠬᠦᠴᠦᠨ ᠤ ᠠᠵᠤ ᠦᠢᠯᠡᠰ ᠪᠣᠯ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ ᠪᠣᠯᠣᠨ᠎ᠠ᠃ ︽ᠵᠡᠭᠦᠨᠳᠡᠬᠢ ᠲᠤᠭ᠎ᠠ ᠪᠠᠷᠢᠮᠲᠠ ᠶᠢ ᠪᠠᠷᠠᠭᠤᠨ ᠳᠤ ᠪᠤᠳᠤᠬᠤ︾ ᠢᠨᠵᠧᠨᠧᠷᠢᠩ ᠤᠨ ᠠᠷᠪᠠᠨ ᠲᠣᠮᠣ ᠳ᠋ᠠᠶᠢᠲ᠋ᠠ ᠶᠢᠨ ᠲᠥᠪ ᠤᠨ ᠴᠤᠭᠯᠠᠷᠠᠯ ᠤᠨ ᠨᠢᠭᠡ ᠪᠣᠯᠤᠭᠰᠠᠨ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠨᠡᠶᠢᠳᠡᠮ ᠬᠡᠷᠡᠭᠯᠡᠬᠦ ᠪᠣᠳᠣᠯᠲᠠ ᠶᠢᠨ ᠬᠦᠴᠦᠨ ᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠬᠢ ᠨᠢ120 ᠲᠦᠮᠡᠨ ᠰᠠᠭᠤᠷᠢ ᠳᠤ ᠬᠦᠷᠴᠦ᠂ ᠲᠠᠰ ᠠᠴᠠ ᠳᠠᠪᠠᠭᠰᠠᠨ ᠪᠣᠳᠣᠯᠲᠠ ᠶᠢᠨ ᠬᠦᠴᠦᠨ ᠤ ᠬᠡᠪᠴᠢᠶ᠎ᠡ 140P ᠳᠤ ᠬᠦᠷᠴᠦ᠂ ᠣᠶᠤᠨᠴᠢ  ᠪᠣᠳᠣᠯᠲᠠ ᠶᠢᠨ ᠬᠦᠴᠦᠨ ᠤ ᠬᠡᠪᠴᠢᠶ᠎ᠡ 23P ᠳᠤ ᠬᠦᠷᠴᠦ᠂  ᠪᠣᠳᠣᠯᠲᠠ ᠶᠢᠨ  ᠬᠦᠴᠦᠨ ᠤ ᠬᠡᠪᠴᠢᠶ᠎ᠡ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠴᠠᠭᠢᠯᠭᠠᠨ ᠬᠡᠷᠡᠭᠯᠡᠬᠦ ᠬᠡᠮᠵᠢᠶ᠎ᠡ ᠶᠢ ᠨᠡᠯᠢᠶᠡᠳ ᠶᠡᠭᠡ ᠪᠣᠯᠭᠠᠵᠠᠢ᠃ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠳᠠᠭᠠᠭᠤᠯᠭ᠎ᠠ ᠳᠣᠣᠷ᠎ᠠ᠂ ᠬᠤᠷᠢᠨᠭᠡᠷ ᠰᠢᠨ᠎ᠡ ᠲᠣᠭᠤᠷᠢᠭ  ᠪᠣᠳᠣᠯᠲᠠ ᠶᠢᠨ  ᠬᠦᠴᠦᠨ ᠤ ᠪᠣᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠵᠤ᠂ ᠪᠣᠬᠢᠷᠳᠤᠯ ᠦᠭᠡᠢ ᠡᠨᠧᠷᠭᠢ ᠶᠢᠨ ᠬᠠᠩᠭᠠᠯᠭ᠎ᠠ ᠶᠢ ᠠᠬᠢᠭᠤᠯᠵᠤ᠂ ᠪᠣᠳᠣᠯᠲᠠ ᠶᠢᠨ ᠬᠦᠴᠦᠨ ᠤ ᠠᠵᠤ ᠦᠢᠯᠡᠰ ᠢ ᠴᠢᠨᠠᠷ ᠰᠠᠶᠢᠲᠠᠢ ᠬᠥᠭᠵᠢᠯᠲᠡ ᠲᠡᠶᠢᠰᠢ ᠠᠬᠢᠭᠤᠯᠪᠠ᠃ ᠡᠨᠡ ᠵᠢᠯ ᠤᠨ 6 ᠰᠠᠷ᠎ᠠ ᠪᠤᠯᠲᠠᠯ᠎ᠠ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠬᠡᠷᠡᠭᠯᠡᠭᠰᠡᠨ ᠰᠠᠯᠬᠢᠨ ᠬᠦᠴᠦᠨ ᠤ ᠴᠠᠭᠢᠯᠭᠠᠨ᠂ ᠭᠡᠷᠡᠯ ᠴᠡᠨᠡᠭ ᠤᠨ ᠴᠠᠭᠢᠯᠭᠠᠨ ᠵᠡᠷᠭᠡ ︽ᠪᠣᠬᠢᠷᠳᠤᠯ ᠦᠭᠡᠢ ᠴᠠᠭᠢᠯᠭᠠᠨ︾ ᠤ ᠡᠵᠡᠯᠡᠬᠦ ᠬᠠᠷᠢᠴᠠᠯ ᠨᠢ 58% ᠰᠢᠬᠠᠮ ᠳᠤ ᠬᠦᠷᠴᠡᠢ᠃      ︽ᠣᠳᠣᠬᠠᠨ ᠳᠤ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠳᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠨᠢᠭᠡᠨᠲᠡ ᠵᠥᠪᠰᠢᠶᠡᠷᠡᠭᠳᠡᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠭᠢᠯᠭᠠᠨ᠂ 6 ᠲᠦᠮᠡᠨ ᠺᠢᠯᠣᠸᠠᠲ ᠤᠨ ᠭᠡᠷᠡᠯᠴᠢ ᠴᠡᠨᠡᠭ᠂ 3.5 ᠲᠦᠮᠡᠨ ᠺᠢᠯᠣᠸᠠᠲ ᠤᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠵᠡᠷᠭᠡ ᠢᠨᠵᠧᠨᠧᠷᠢᠩ ᠪᠠᠭᠲᠠᠨ᠎ᠠ᠂ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ ᠤ ᠳᠠᠷᠠᠭ᠎ᠠ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠳᠤᠯ ᠦᠭᠡᠢ ᠴᠠᠭᠢᠯᠭᠠᠨ ᠤ ᠰᠢᠭᠤᠳ ᠬᠠᠩᠭᠠᠯᠭ᠎ᠠ ᠶᠢᠨ ᠣᠷᠣᠯᠠᠬᠤ ᠨᠣᠷᠮ᠎ᠠ 67% ᠶᠢ ᠳᠠᠪᠠᠵᠤ᠂ ᠵᠢᠯ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 180 ᠲᠦᠮᠡᠨ ᠲᠣᠨ ᠠᠴᠠ ᠳᠡᠭᠡᠭᠰᠢ ᠪᠠᠭᠠᠰᠬᠠᠬᠤ ᠪᠣᠯᠣᠨ᠎ᠠ︾ ᠭᠡᠵᠦ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠭᠢᠯᠡᠭᠴᠢ ᠵᠠᠩ ᠰᠢᠤᠸᠠᠢ ᠵᠢᠶᠦ᠋ᠨ ᠬᠡᠯᠡᠪᠡ᠃      ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ︾᠃ ᠡᠨᠡ ᠪᠣᠯ ᠳᠤᠮᠳᠠᠳᠤ ᠤᠯᠤᠰ ᠠᠴᠠ ᠳᠡᠯᠡᠬᠡᠢ ᠳ᠋ᠠᠬᠢᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠣᠨ᠎ᠠ᠃ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠨ ᠲᠣᠭᠲᠠᠭᠠᠵᠤ᠂ ᠬᠥᠭᠵᠢᠯᠲᠡ ᠶᠢᠨ  ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠪᠣᠬᠢᠷᠳᠤᠯ ᠦᠭᠡᠢ ᠪᠠᠷ ᠳᠡᠪᠢᠰᠬᠡᠷ ᠪᠣᠯᠭᠠᠨ ︽ᠭᠠᠳᠠᠭᠰᠢᠯᠠᠭᠤᠯᠤᠯᠲᠠ ᠶᠢ ᠪᠠᠭᠠᠰᠬᠠᠬᠤ︾ ᠰᠢᠨ᠎ᠡ ᠵᠠᠮ ᠢ ᠰᠦᠪᠡᠭᠴᠢᠯᠡᠪᠡ᠃      ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠳᠤᠷᠠᠳᠤᠭᠰᠠᠨ ᠠᠴᠠ ᠨᠠᠭᠠᠰᠢ᠂ ᠥᠪᠥᠷ ᠮᠣᠩᠭᠤᠯ ︽1+N+X︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠵᠡᠷᠭᠡ 17 ᠵᠦᠢᠯ ᠤᠨ ᠬᠦᠷᠢᠶ᠎ᠡ ᠴᠠᠷᠠᠭ᠎ᠠ  ᠪᠠ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ ᠤᠰᠤᠲᠥ᠋ᠷᠥᠭᠴᠢ ᠡᠨᠧᠷᠭᠢ ᠶᠢ ᠬᠥᠭᠵᠢᠭᠦᠯᠬᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ 9 ᠲᠠᠯ᠎ᠠ ᠶᠢᠨ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ ᠁      ︽ᠵᠠᠮ ᠱᠤᠭᠤᠮ ᠤᠨ ᠵᠢᠷᠤᠭ︾ ᠢ ᠲᠣᠭᠲᠠᠭᠠᠵᠤ᠂ ︽ᠴᠠᠭ ᠤᠨ ᠬᠦᠰᠦᠨᠦᠭᠲᠦ︾ ᠶᠢ ᠲᠣᠩᠭᠤᠷᠠᠭᠤᠯᠤᠨ ᠵᠢᠭᠰᠠᠭᠠᠵᠤ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠪᠠᠭᠠᠰᠬᠠᠵᠤ ᠬᠤᠷᠣᠭᠳᠠᠭᠤᠯᠤᠯ ᠢ ᠪᠠᠭᠠᠰᠬᠠᠬᠤ ᠶᠢ ︽ᠵᠢᠷᠤᠭ ᠡᠯᠭᠦᠨ ᠪᠠᠶᠢᠯᠳᠤᠵᠤ︾᠂ ᠪᠣᠬᠢᠷᠳᠤᠯ ᠦᠭᠡᠢ ᠬᠥᠭᠵᠢᠯᠲᠡ ᠶᠢ ᠡᠷᠡᠰ ᠰᠢᠭᠤᠷᠬᠠᠢ ᠪᠠᠷ ᠠᠬᠢᠭᠤᠯᠪᠠ᠃      ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠵᠦᠢᠯᠡᠰ ᠲᠤ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠠᠢ᠃ ︽ᠬᠤᠶᠠᠷ ᠶᠡᠬᠡᠲᠡᠢ︾ ᠳᠣᠣᠷ᠎ᠠ ᠲᠦᠪᠰᠢᠨ ᠪᠦᠬᠦᠢ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂︽︿ᠬᠤᠶᠠᠷ ᠶᠡᠬᠡᠲᠡᠢ﹀ ᠳᠣᠣᠷ᠎ᠠ ᠲᠦᠪᠰᠢᠨ ᠪᠦᠬᠦᠢ  ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠢ ᠨᠡᠶᠢᠲᠡᠯᠡᠵᠦ᠂  ᠵᠥᠪᠰᠢᠶᠡᠷᠡᠬᠦ᠂ ᠰᠢᠭᠰᠢᠭᠳᠡᠭᠦᠯᠬᠦ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ 4 ᠲᠠᠯ᠎ᠠ ᠠᠴᠠ 8 ᠶᠡᠭᠡ ᠠᠵᠢᠯ ᠲᠥᠷᠥᠯ 30 ᠲᠥᠷᠥᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃      ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠦᠭᠦ ᠣᠷᠣᠨ ᠤ ᠰᠢᠨ᠎ᠡ ᠪᠠᠷ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠤᠨ ᠳᠣᠲᠣᠷ᠎ᠠ᠂ ︽ᠬᠤᠶᠠᠷ ᠶᠡᠬᠡᠲᠡᠢ︾ᠲᠥᠷᠥᠯ ᠵᠦᠢᠯ ᠤᠨ ᠡᠵᠡᠯᠡᠬᠦ ᠬᠠᠷᠢᠴᠠᠯ ᠶᠡᠭᠡ ᠪᠠᠷ ᠪᠠᠭᠤᠷᠠᠪᠠ᠃ ᠭᠤᠣᠯᠳᠠᠯᠭ᠎ᠠ ᠲᠠᠢ ᠬᠦᠷᠢᠶᠡᠨ ᠳᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠪᠡ᠃ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭᠠᠨ ᠤ ᠪᠠᠭᠠᠵᠢ ᠶᠢ ᠬᠦᠴᠦᠯᠡᠨ ᠳᠡᠯᠭᠡᠷᠡᠭᠦᠯᠪᠡ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ 8  ᠶᠡᠭᠡ ᠠᠵᠤ ᠦᠢᠯᠡᠰ ᠤᠨ ᠪᠦᠯᠦᠭᠵᠢᠯ ᠪᠠ 16  ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠴᠣᠭᠴᠠᠯᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠪᠣᠬᠢᠷᠳᠤᠯ ᠦᠭᠡᠢ ᠶᠢᠨ ᠬᠡᠮᠵᠢᠶ᠎ᠡ᠂ ᠰᠢᠨ᠎ᠡ ᠬᠥᠳᠡᠯᠭᠡᠬᠦ ᠬᠦᠴᠦᠨ ᠤ ᠬᠡᠮᠵᠢᠶ᠎ᠡ᠂ ᠦᠨ᠎ᠡ ᠴᠠᠨ᠎ᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃      ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠦᠭᠦ ᠣᠷᠣᠨ ᠤ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠤᠯ  ᠨᠡᠶᠢᠲᠡ 13.8% ᠪᠠᠭᠤᠷᠠᠵᠤ᠂ ᠠᠬᠢᠴᠠ ᠶᠢᠨ ᠬᠠᠷᠠᠯᠲᠠ ᠪᠠᠨ ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠱᠦᠢᠨᠢ᠂ ᠮᠧᠲ᠋ᠢᠯ ᠠᠯᠺᠤᠣᠯ᠂ ᠣᠯᠠᠨ ᠲᠠᠯᠠᠰᠲᠤ ᠴᠠᠬᠢᠭᠤᠷ᠂ ᠵᠡᠰ᠂ ᠲᠤᠭᠤᠯᠭ᠎ᠠ᠂ ᠮᠠᠭᠨᠢ ᠵᠡᠷᠭᠡ 11 ᠠᠵᠢᠯ ᠲᠥᠷᠥᠯ ᠤᠨ ᠨᠢᠭᠡᠴᠢ ᠶᠢᠨ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠢ  ᠤᠯᠤᠰ ᠤᠨ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷᠲᠤ ᠲᠤᠭ᠎ᠠ ᠶᠢᠨ ᠲᠡᠷᠢᠭᠦᠨ ᠤ ᠥᠷᠲᠡᠭ ᠲᠤ ᠬᠦᠷᠭᠡᠵᠡᠢ᠃      ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠭᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂  ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯ᠃︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ᠂ ᠥᠪᠥᠷ ᠮᠣᠩᠭᠤᠯ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠦᠴᠢᠷ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠨ᠂ ᠪᠣᠳᠠᠲᠤ ᠦᠷ᠎ᠡ ᠪᠦᠲᠦᠮᠵᠢ ᠣᠯᠪᠠ᠃      ᠪᠤᠭᠤᠲᠤ ᠬᠤᠲᠠ ᠬᠠᠮᠤᠭ ᠤᠨ ᠲᠡᠷᠢᠭᠦᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠭᠦᠨᠵᠡᠭᠡᠢ ᠠᠬᠢᠭᠤᠯᠵᠤ  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠤᠲᠠ ᠶᠢ ᠲᠦᠷᠭᠡᠳᠬᠡᠨ  ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠣᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠤᠯᠭᠠᠵᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ  ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ  ᠳᠠᠭᠠᠭᠤᠯᠤᠭᠴᠢ ᠬᠤᠲᠠ᠂ ᠵᠢᠱᠢᠶᠡᠴᠢ ᠬᠤᠲᠠ ᠶᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠪᠠ᠃      ᠣᠷᠳᠣᠰ ᠬᠤᠲᠠ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠢ ᠵᠠᠪᠳᠤᠨ ᠠᠳᠬᠤᠵᠤ᠂ ᠰᠢᠨ᠎ᠡ ᠡᠨᠧᠷᠭᠢ ᠶᠢ ᠡᠨᠧᠷᠭᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠡᠨᠧᠷᠭᠢ ᠶᠢᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠬᠤ ᠪᠠᠷ ᠠᠵᠤ ᠦᠢᠯᠡᠰ ᠤᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠵᠤ᠂ ︽ᠰᠠᠯᠬᠢ ᠭᠡᠷᠡᠯ ᠤᠰᠤᠲᠥ᠋ᠷᠥᠭᠴᠢ ᠨᠥᠭᠡᠴᠡᠯᠡᠬᠦ ᠲᠡᠷᠭᠡ︾ ᠲᠠᠪᠤᠨ ᠶᠡᠭᠡ ᠠᠵᠤ ᠦᠢᠯᠡᠰ ᠤᠨ ᠪᠦᠯᠦᠭᠵᠢᠯ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠡᠬᠢ ᠪᠠᠶᠠᠯᠢᠭ ᠤᠨ ᠭᠡᠯᠪᠡᠷᠢ ᠶᠢᠨ ᠬᠤᠲᠠ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠪᠡ᠃      ᠦᠬᠠᠢ ᠳᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠨᠢ ᠠᠵᠤ ᠠᠬᠤᠶᠢᠯᠠᠯ ᠤᠨ ᠵᠠᠪᠠᠯ ᠰᠤᠷᠤᠯᠴᠠᠬᠤ ᠬᠢᠴᠢᠶᠡᠯ ᠪᠣᠯᠤᠭᠰᠠᠨ ᠢᠶᠠᠷ  ᠪᠠᠷᠠᠬᠤ ᠦᠭᠡᠢ ᠪᠠᠰᠠ ᠠᠷᠠᠳ ᠤᠯᠠᠨ ᠤ ︽ᠵᠣᠭᠤᠰᠤᠨ ᠴᠦᠩᠬᠦ︾  ᠶᠢ ᠲᠦᠭᠳᠦᠶᠢᠯᠭᠡᠭᠰᠡᠨ ᠪᠠᠶᠢᠨ᠎ᠠ᠃  2022 ᠣᠨ ᠤ 6 ᠰᠠᠷ᠎ᠠ ᠳᠤ᠂ ᠥᠪᠥᠷ ᠮᠣᠩᠭᠤᠯ ᠤᠨ ᠠᠩᠬᠠᠳᠠᠭᠴᠢ ᠲᠦᠭᠡᠮᠡᠯ ᠬᠠᠷᠠᠭᠠᠯᠵᠠᠯᠲᠤ ᠣᠯᠠᠨ ᠨᠡᠶᠢᠲᠡ ᠶᠢᠨ ᠲᠠᠪᠴᠠᠩ ᠤᠨ ︽ᠦᠬᠠᠢ ᠶᠢᠨ ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯ︾ ᠭᠡᠬᠦ ᠵᠢᠵᠢᠭ ᠫᠷᠣᠭ᠍ᠷᠠᠮ ᠠᠰᠢᠭᠯᠠᠯᠲᠠ ᠳᠤ ᠣᠷᠣᠵᠤ᠂ ᠬᠡᠷᠡᠭᠯᠡᠭᠴᠢᠳ ᠡᠳᠦᠷ ᠲᠤᠲᠤᠮ ᠤᠨ ᠠᠮᠢᠳᠤᠷᠠᠯ ᠳᠤᠮᠳᠠᠬᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠶᠯᠡ ᠠᠵᠢᠯᠯᠠᠭ᠎ᠠ ᠶᠢᠨ ᠤᠯᠠ ᠮᠥᠷ ᠢ ᠲᠡᠮᠳᠡᠭᠯᠡᠬᠦ ᠪᠠᠷ ᠳᠡᠮᠵᠢᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠬᠤᠪᠢ ᠣᠯᠵᠤ ᠪᠤᠯᠬᠤ ᠪᠥᠭᠡᠳ ᠪᠠᠭ᠎ᠠ ᠨᠡᠭᠦᠷᠡᠰᠦᠲᠥ᠋ᠷᠥᠭᠴᠢ ᠶᠢᠨ ᠪᠡᠯᠡᠭ ᠢ ᠰᠣᠯᠢᠵᠤ ᠪᠣᠯᠣᠨ᠎ᠠ᠃      ᠁      ᠪᠦᠭᠦ ᠣᠷᠣᠨ ᠢ ᠪᠠᠷᠠᠯᠠᠬᠤᠶ᠎ᠠ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ᠂ ᠪᠣᠬᠢᠷᠳᠤᠯ ᠦᠭᠡᠢ ᠬᠥᠭᠵᠢᠯᠲᠡ ᠨᠢ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠪᠠ᠃      2021  -  2022 ᠣᠨ ᠪᠤᠯᠳᠠᠯ᠎ᠠ᠂ ᠥᠪᠥᠷ ᠮᠣᠩᠭᠤᠯ ᠤᠨ ᠪᠦᠭᠦ ᠣᠷᠣᠨ ᠤ ᠡᠨᠧᠷᠭᠢ ᠶᠢᠨ ᠬᠤᠷᠣᠭᠳᠠᠭᠤᠯᠤᠯ ᠤᠨ ᠡᠷᠴᠢᠮ ᠨᠡᠶᠢᠲᠡ 11% ᠠᠴᠠ ᠳᠡᠭᠡᠭᠰᠢ ᠪᠠᠭᠤᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠶᠢᠨ 70% ᠠᠴᠠ ᠳᠡᠭᠡᠭᠰᠢᠬᠢ ᠶᠢ  ᠪᠡᠶᠡᠯᠡᠭᠦᠯᠵᠦ᠂ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠡᠨᠧᠷᠭᠢ ᠶᠢᠨ ᠬᠤᠷᠣᠭᠳᠠᠭᠤᠯᠤᠯ ᠤᠨ ᠡᠷᠴᠢᠮ 3.5% ᠭᠠᠷᠤᠢ ᠪᠠᠷ ᠪᠠᠭᠤᠷᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ GDP ᠲᠣᠰ ᠲᠣᠰ 34.5% ᠪᠠ 7.3% ᠪᠠᠷ ᠨᠡᠮᠡᠭᠳᠡᠵᠦ᠂ ᠲᠣᠰ ᠲᠣᠰ ᠪᠦᠭᠦ ᠤᠯᠤᠰ ᠤᠨ ᠬᠤᠶᠠᠳᠤᠭᠠᠷ ᠪᠠ ᠲᠠᠪᠤᠳᠤᠭᠠᠷ ᠲᠤ ᠣᠷᠣᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠤᠨ ︽ᠬᠥᠳᠡᠯᠭᠡᠬᠦ ᠬᠦᠴᠦᠨ︾ ᠢ ᠲᠣᠭᠲᠠᠪᠤᠷᠢᠵᠢᠭᠤᠯᠬᠤ ᠶᠢ ᠬᠦᠴᠦᠲᠡᠢ ᠪᠠᠲᠤᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠠᠵᠤ ᠠᠬᠤᠢ ᠶᠢᠨ ᠬᠥᠭᠵᠢᠯᠲᠡ ᠶᠢᠨ ᠵᠣᠬᠢᠴᠠᠯᠳᠤᠨ ᠤᠷᠤᠭᠰᠢᠯᠠᠬᠤ ᠶᠢ ᠪᠡᠶᠡᠯᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号