ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 117 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠮᠠᠨ ᠤ ᠰᠢᠶᠠᠨ ᠤ ᠴᠢᠳᠠᠪᠤᠷᠢᠲᠠᠨ᠂ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠬᠤᠶᠠᠷ ᠢ ᠬᠦᠷᠢᠶᠡᠯᠡᠬᠦ᠂ ᠬᠠᠮ ᠵᠠᠭᠤᠴᠢᠯᠠᠭᠤᠷ ᠤᠨ ᠲᠥᠪ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/11
     12 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 117 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ 11 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠠᠵᠢᠯ ᠢ ᠰᠠᠶᠢᠲᠤᠷ ᠠᠳᠬᠤᠬᠤ︾ ᠴᠢᠬᠤᠯᠠ ᠵᠣᠬᠢᠶᠠᠯ ᠢ ᠤᠯᠠᠮᠵᠢᠯᠠᠨ ᠰᠣᠷᠣᠯᠴᠠᠪᠠ᠃ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠪᠠᠰᠠ ᠮᠠᠨ ᠤ ᠰᠢᠶᠠᠨ ᠤ ᠴᠢᠳᠠᠪᠤᠷᠢᠲᠠᠨ᠂ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠪᠣᠯᠣᠨ ᠤᠢ ᠰᠢᠭᠤᠢ ᠶᠢᠨ ᠳᠠᠷᠤᠭ᠎ᠠ ᠶᠢᠨ ᠳᠦᠷᠢᠮ᠂ ᠴᠡᠷᠢᠭ ᠠᠴᠠ ᠬᠠᠯᠠᠭᠳᠠᠭᠰᠠᠳ ᠪᠣᠯᠣᠨ ᠬᠤᠶᠠᠷ ᠢ ᠬᠦᠷᠢᠶᠡᠯᠡᠬᠦ᠂ ᠬᠠᠮ ᠵᠠᠭᠤᠴᠢᠯᠠᠭᠤᠷ ᠤᠨ ᠲᠥᠪ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠤᠯᠤᠰ ᠲᠦᠷᠦ ᠶᠢᠨ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠰᠢᠵᠦ᠂ ᠣᠨ ᠤ ᠬᠠᠷᠠᠯᠲᠠ ᠶᠢ ᠴᠢᠩᠭ᠎ᠠ ᠠᠩᠬᠠᠷᠴᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠢᠶᠠᠨ ᠤᠯᠠᠮ ᠱᠠᠯᠠᠪᠳᠠᠭᠤᠯᠵᠤ᠂ ᠠᠷᠭ᠎ᠠ ᠬᠡᠮᠵᠢᠶ᠎ᠡ ᠪᠠᠨ ᠤᠯᠠᠮ ᠴᠢᠩᠭᠠᠳᠬᠠᠵᠤ᠂ ᠠᠬᠢᠴᠠ ᠪᠠᠨ ᠤᠯᠠᠮ ᠲᠦᠷᠭᠡᠳᠬᠡᠵᠦ᠂ ᠲᠣᠬᠢᠷᠠᠭᠤᠯᠤᠯᠲᠠ ᠪᠠᠨ ᠤᠯᠠᠮ ᠴᠢᠩᠭᠠᠳᠬᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠠᠨᠠᠭᠠᠴᠢᠯᠠᠭᠠᠲᠤ ᠳᠠᠶᠢᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠮᠠᠨ ᠤ ᠰᠢᠶᠠᠨ ᠤ ᠴᠢᠳᠠᠪᠤᠷᠢᠲᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠪᠠᠷᠠᠭᠠᠯᠬᠢᠯᠠᠯ ᠤᠨ ᠴᠢᠨᠠᠷᠲᠠᠢ ᠬᠠᠷᠠᠴᠠ ᠪᠠᠷ ᠴᠢᠳᠠᠪᠤᠷᠢᠲᠠᠨ ᠤ ᠠᠵᠢᠯ ᠢ ᠰᠢᠯᠢᠳᠡᠭᠵᠢᠭᠦᠯᠵᠦ᠂ ᠨᠡᠩ ᠰᠢᠨᠵᠢᠯᠡᠬᠦ ᠤᠬᠠᠭᠠᠨᠴᠢ᠂ ᠨᠡᠩ ᠪᠦᠲᠦᠮᠵᠢᠲᠡᠶ᠂ ᠨᠡᠩ ᠪᠦᠬᠦ ᠲᠠᠯ᠎ᠠ ᠶᠢᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠡᠭᠦᠨ ᠤ ᠤᠯᠠᠮ ᠢᠶᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠴᠢᠳᠠᠪᠤᠷᠢᠲᠠᠨ ᠤ ᠤᠶᠤᠨ ᠤ ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠲᠡᠳᠡᠨ ᠤ ᠠᠵᠢᠯ ᠤᠨ ᠳᠤᠮᠳᠠ ᠪᠠᠨ ᠥᠪᠡᠷ ᠤᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠣᠷᠣᠭᠰᠠᠨ ᠵᠦᠢᠯ ᠢᠶᠠᠨ ᠬᠡᠷᠡᠭᠯᠡᠬᠦ ᠵᠦᠢᠯ ᠪᠣᠯᠭᠠᠨ ᠬᠤᠪᠢᠷᠠᠭᠤᠯᠵᠤ᠂ ᠮᠠᠨ ᠤ ᠰᠢᠶᠠᠨ ᠤ ᠡᠯ᠎ᠡ ᠲᠦᠷᠦᠯ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ᠂ ᠠᠮᠤᠷ ᠲᠦᠪᠰᠢᠨ ᠢ ᠴᠢᠬᠤᠯᠠᠴᠢᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠥᠨᠳᠥᠷᠴᠡ ᠠᠴᠠ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠭᠤᠣᠯ ᠤᠨ ᠵᠠᠮ ᠤᠨ ᠣᠷᠴᠢᠨ ᠲᠣᠭᠤᠷᠢᠨ ᠢ ᠵᠠᠰᠠᠬᠤ ᠪᠠ ᠡᠳᠦᠷ ᠳᠤᠳᠤᠮ ᠤᠨ ᠭᠤᠣᠯ ︵ᠨᠠᠭᠤᠷ︶ ᠢ ᠬᠠᠮᠢᠶᠠᠷᠴᠤ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠠᠨ ᠤ ᠰᠢᠶᠠᠨ ᠤ ᠭᠤᠣᠯ ︵ᠨᠠᠭᠤᠷ︶ ᠢ ᠨᠡᠩ ᠰᠢᠯᠤᠭᠤᠨ᠂ ᠤᠰᠤ ᠶᠢ ᠨᠡᠩ ᠲᠤᠩᠭᠠᠯᠠᠭ᠂ ᠡᠷᠭᠢ ᠶᠢ ᠨᠡᠩ ᠨᠣᠭᠤᠭᠠᠨ᠂ ᠦᠵᠡᠮᠵᠢ ᠶᠢ ᠨᠡᠩ ᠭᠤᠶᠤ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠱᠠᠯᠠᠪᠳᠠᠭᠤᠯᠤᠨ ᠵᠢᠯᠤᠭᠤᠳᠴᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠰᠢᠶᠠᠨ ᠤ ᠬᠠᠮ ᠵᠠᠭᠤᠴᠢᠯᠠᠭᠤᠷ ᠤᠨ ᠲᠥᠪ ᠨᠢ ᠰᠢᠶᠠᠨ ᠤ ᠱᠠᠲᠤᠨ ᠤ ᠰᠣᠨᠢᠨ ᠮᠡᠳᠡᠭᠡᠨ ᠤ ᠤᠬᠠᠭᠤᠯᠭ᠎ᠠ ᠶᠢᠨ ᠴᠢᠬᠤᠯᠠ ᠬᠦᠴᠦᠨ ᠪᠣᠯᠣᠭᠰᠠᠨ ᠤ ᠬᠤᠪᠢ ᠳᠤ᠂ ᠦᠴᠦᠸᠠᠨ ᠤ ᠦᠯᠢᠭᠡᠷ ᠢ ᠰᠠᠶᠢᠲᠤᠷ ᠶᠠᠷᠢᠬᠤ᠂ ᠦᠴᠦᠸᠠᠨ ᠤ ᠳᠠᠭᠤᠨ ᠢ ᠰᠠᠶᠢᠲᠤᠷ ᠤᠯᠠᠮᠵᠢᠯᠠᠬᠤ᠂ ᠦᠴᠦᠸᠠᠨ ᠤ ᠳᠦᠷᠢ ᠲᠥᠷᠬᠦ ᠶᠢ ᠰᠠᠶᠢᠲᠤᠷ ᠢᠯᠡᠷᠡᠭᠦᠯᠬᠦ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠣᠨᠴᠠᠯᠢᠭᠲᠤ ᠠᠵᠤ ᠦᠢᠯᠡᠰ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠢ ᠤᠬᠠᠭᠠᠯᠠᠵᠤ᠂ ᠰᠢᠨ᠎ᠡ ᠶᠢ ᠡᠭᠦᠳᠦᠨ ᠤᠬᠠᠭᠤᠯᠵᠤ᠂ ᠨᠡᠩ ᠣᠯᠠᠨ ᠰᠠᠶᠢᠨ ᠪᠦᠲᠦᠭᠡᠯ ᠢᠶᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ᠂ ᠬᠤᠲᠠ ᠪᠠᠯᠭᠠᠰᠤᠨ ᠤ ᠠᠮᠢᠳᠤᠷᠠᠯ ᠤᠨ ᠰᠢᠨ᠎ᠡ ᠬᠡᠪ ᠰᠤᠷᠲᠠᠯ᠂ ᠨᠡᠶᠢᠭᠡᠮ ᠤᠨ ᠵᠠᠰᠠᠯᠲᠠ ᠶᠢᠨ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠡᠭᠦᠨ ᠤ ᠬᠠᠮᠲᠤ᠂ ᠳᠡᠭᠡᠳᠦ ᠱᠠᠲᠤᠨ ᠤ ᠵᠠᠭᠤᠴᠢᠯᠠᠭᠤᠷ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢᠳᠠᠵᠤ᠂ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠵᠦ᠂ ᠬᠠᠮ ᠵᠠᠭᠤᠴᠢᠯᠠᠭᠤᠷ ᠤᠨ ᠲᠥᠪ ᠤᠨ ᠦᠢᠯᠡᠴᠢᠯᠡᠬᠦ ᠴᠢᠳᠠᠪᠤᠷᠢ᠂ ᠤᠯᠠᠮᠵᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠢ ᠨᠡᠩ ᠰᠠᠶᠢᠲᠤᠷ ᠬᠥᠲᠥᠯᠥᠨ ᠵᠢᠯᠤᠭᠤᠳᠴᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠦᠴᠦᠸᠠᠨ ᠰᠢᠶᠠᠨ ᠤ ︿ᠤᠮᠠᠷᠠᠲᠤ ᠬᠢᠯᠢ ᠶᠢᠨ ᠰᠣᠶᠣᠯ﹀ ᠤᠨ ᠲᠦᠷᠦᠯ ᠲᠡᠮᠳᠡᠭ ᠢ ᠡᠭᠦᠳᠬᠦ ᠠᠵᠢᠯ ᠤᠨ ᠲᠥᠰᠥᠯ︾  ᠢ ᠬᠢᠨᠠᠨ ᠵᠥᠪᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号