ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/11
     12 ᠰᠠᠷ᠎ᠠ ᠶᠢᠨ 7  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠭᠦᠨ ᠨᠠᠷ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠲᠥᠷᠥᠭᠳᠡᠯ ᠢᠶᠠᠨ ᠰᠤᠳᠤᠯᠤᠨ ᠶᠠᠷᠢᠯᠴᠠᠵᠤ ᠰᠣᠯᠢᠯᠴᠠᠪᠠ᠃      ᠬᠤᠷᠠᠯ ᠠᠴᠠ᠂ ᠳᠠᠪᠠᠭᠤᠯᠢᠭ ᠢᠶᠠᠨ ᠲᠣᠳᠣᠷᠬᠠᠶᠢᠯᠠᠵᠤ᠂ ᠵᠥᠷᠢᠶ᠎ᠡ ᠳᠤ ᠵᠥᠪ ᠢᠶᠠᠷ ᠬᠠᠨᠳᠤᠵᠤ᠂ ᠬᠥᠭᠵᠢᠯᠲᠡ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠲᠦᠭᠵᠢᠷᠡᠯ ᠪᠠ ᠬᠦᠴᠢᠷ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠳᠠᠪᠠᠭᠤᠯᠢᠭ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠵᠦ᠂ ᠬᠥᠭᠵᠢᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ︔ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠭᠤᠣᠯ ᠰᠡᠳᠦᠪᠲᠦ ᠰᠤᠷᠭᠠᠨ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠯᠬᠢᠨ ᠠᠬᠢᠭᠤᠯᠵᠤ᠂ ᠠᠰᠠᠭᠤᠳᠠᠯ ᠤᠨ ᠵᠠᠩᠭᠢᠯᠠᠭ᠎ᠠ ᠶᠢ ᠪᠦᠬᠦ ᠲᠠᠯ᠎ᠠ ᠪᠠᠷ ᠵᠠᠳᠠᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠨᠡᠭᠡᠭᠡᠨ ᠬᠥᠭᠵᠢᠭᠦᠯᠬᠦ ᠣᠷᠣᠨ ᠢ ᠰᠡᠷᠭᠦᠭᠡᠨ ᠪᠠᠶᠢᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠦᠨᠡᠨ ᠪᠣᠳᠠᠲᠠᠢ ᠣᠪᠣᠷ ᠰᠤᠷᠲᠠᠯ ᠪᠣᠯᠣᠨ ᠦᠢᠯᠡ ᠠᠵᠢᠯᠯᠠᠭ᠎ᠠ ᠪᠠᠷ ᠢᠶᠠᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠪᠦᠬᠦ ᠰᠢᠶᠠᠨ ᠢᠶᠠᠷ ᠢᠶᠠᠨ ︽ᠬᠢᠬᠦ︾ ᠶᠢ ᠲᠡᠷᠢᠭᠦᠨ ᠳᠤ ᠲᠠᠯᠪᠢᠬᠤ᠂ ︽ᠪᠣᠳᠠᠲᠠᠢ︾ ᠪᠠᠷ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠭ᠎ᠠ ᠰᠦᠪᠡᠭᠴᠢᠯᠡᠬᠦ ᠲᠠᠯ᠎ᠠ ᠪᠠᠷ ᠭᠦᠨᠵᠡᠭᠡᠶᠢᠷᠡᠭᠦᠯᠦᠨ ᠪᠣᠳᠠᠲᠠᠢ ᠶᠢ ᠡᠷᠬᠢᠮᠯᠡᠵᠦ᠂ ᠠᠬᠢᠭᠤᠯᠬᠤ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠨᠠᠶᠢᠳᠠᠪᠤᠷᠢᠵᠢᠭᠤᠯᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠵᠤ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠪᠣᠯᠣᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠣᠷᠭᠠᠨᠢᠭ ᠢᠶᠠᠷ ᠤᠶᠠᠯᠳᠤᠭᠤᠯᠵᠤ᠂ ᠳᠠᠪᠠᠭᠤᠯᠢᠭ ᠡᠬᠢ ᠪᠠᠶᠠᠯᠢᠭ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠬᠠᠮᠲᠤ᠂ ᠪᠢᠲᠡᠭᠦᠦ ᠴᠠᠭᠠᠷᠢᠭ ᠤᠨ ᠰᠡᠳᠬᠢᠬᠦᠢ ᠶᠢ ᠴᠢᠩᠭᠠᠳᠬᠠᠵᠤ᠂ ᠨᠢᠭᠡ ᠵᠦᠢᠯ ᠤᠨ ᠠᠵᠢᠯ ᠢ ᠬᠢᠪᠡᠯ ᠲᠤᠶᠢᠯᠪᠤᠷᠢᠲᠠᠢ ᠬᠢᠵᠦ᠂ ᠨᠢᠭᠡᠨ ᠪᠦᠷᠢᠨ ᠪᠦᠲᠦᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠨᠢᠭᠡ ᠨᠢᠭᠡ ᠵᠦᠢᠯ ᠢᠶᠠᠷ ᠠᠩᠬᠠᠷᠴᠤ᠂ ︽ᠤᠴᠢᠷ ᠪᠦᠬᠦᠨ ᠬᠡᠯᠡᠬᠦ ᠦᠭᠡ ᠲᠠᠢ᠂ ᠤᠴᠢᠷ ᠪᠦᠬᠦᠨ ᠬᠠᠷᠢᠭᠤᠯᠲᠠ ᠲᠠᠢ᠂ ᠤᠴᠢᠷ ᠪᠦᠬᠦᠨ ᠨᠠᠶᠢᠳᠠᠪᠤᠷᠢᠵᠢᠭᠤᠯᠤᠯᠲᠠ ᠲᠠᠢ︾ ᠪᠠᠶᠢᠬᠤ  ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号