ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠳᠡᠰ ᠤᠨ 9 ᠪᠠᠷᠠᠭᠠᠨ ᠤ ᠭᠦᠢᠯᠭᠡᠭᠡ ᠶᠢᠨ ᠬᠦᠢᠰᠦ  ᠲᠠᠢ ᠪᠣᠯᠪᠠ
ᠨᠡᠶᠢᠲᠡᠯᠡᠭᠰᠡᠨ ᠴᠠᠭ᠄
2023/12/11
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠷ᠎ᠠ ᠳᠤ ︽2023 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ  ᠪᠠᠷᠠᠭᠠᠨ ᠤ ᠭᠦᠢᠯᠭᠡᠭᠡ ᠶᠢᠨ ᠬᠦᠢᠰᠦ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ  ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ  ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 3  ᠪᠠᠷᠠᠭᠠᠨ ᠤ ᠭᠦᠢᠯᠭᠡᠭᠡ ᠶᠢᠨ ᠬᠦᠢᠰᠦ ᠪᠣᠯᠣᠨ 2 ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ 2023 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ  ᠪᠠᠷᠠᠭᠠᠨ ᠤ ᠭᠦᠢᠯᠭᠡᠭᠡ ᠶᠢᠨ ᠬᠦᠢᠰᠦ᠂ ᠥᠪᠡᠷᠲᠡᠭᠡᠨ ᠵᠠᠰᠠᠬᠤ ᠣᠷᠣᠨ  ᠤ ᠵᠢᠱᠢᠶ᠎ᠡ ᠦᠵᠡᠭᠦᠯᠭᠦ  ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠪᠠ᠃ ᠡᠭᠦᠨ ᠠᠴᠠ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠳᠡᠰ ᠤᠨ 9  ᠪᠠᠷᠠᠭᠠᠨ ᠤ ᠭᠦᠢᠯᠭᠡᠭᠡ ᠶᠢᠨ ᠬᠦᠢᠰᠦ᠂ ᠥᠪᠡᠷᠲᠡᠭᠡᠨ ᠵᠠᠰᠠᠬᠤ ᠣᠷᠣᠨ ᠤ 7 ᠵᠢᠱᠢᠶ᠎ᠡ ᠦᠵᠡᠭᠦᠯᠭᠦ  ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠳᠡᠰ ᠤᠨ  ᠪᠠᠷᠠᠭᠠᠨ ᠤ ᠭᠦᠢᠯᠭᠡᠭᠡ ᠶᠢᠨ ᠬᠦᠢᠰᠦ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ  ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠪᠣᠯ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ  ᠶᠢᠨ ᠰᠠᠨᠠᠯ︾ ᠳᠠᠬᠢ ︽ᠬᠦᠢᠰᠦ ᠠᠵᠤ ᠠᠬᠤᠢ ᠶᠢ ᠬᠥᠭᠵᠢᠭᠦᠯᠬᠦ ᠶᠢ ᠳᠡᠮᠵᠢᠬᠦ︾ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ︽ᠵᠠᠮ + ᠬᠦᠢᠰᠦ + ᠲᠣᠣᠷ︾   ᠤᠨ ᠪᠠᠷᠠᠭᠠᠨ ᠤ ᠭᠦᠢᠯᠭᠡᠭᠡ ᠶᠢᠨ ᠬᠦᠢᠰᠦ ᠶᠢᠨ ᠡᠷᠭᠢᠯᠲᠡ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ ᠶᠢᠨ ᠲᠥᠯᠥᠭᠡ ᠥᠷᠨᠢᠭᠦᠯᠦᠭᠰᠡᠨ ᠠᠵᠢᠯ ᠪᠣᠯᠣᠨ᠎ᠠ᠃ ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠦᠢᠯᠡᠳᠪᠦᠷᠢᠯᠡᠯ ᠤᠨ ᠦᠢᠯᠡᠴᠢᠯᠡᠭᠡᠨ ᠤ ᠭᠡᠯᠪᠡᠷᠢ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠠᠨ ᠤ ᠭᠦᠢᠯᠭᠡᠭᠡ ᠶᠢᠨ ᠬᠦᠢᠰᠦ᠂ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠶᠢᠨ ᠦᠢᠯᠡᠴᠢᠯᠡᠭᠡᠨ ᠤ ᠭᠡᠯᠪᠡᠷᠢ  ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ  ᠪᠠᠷᠠᠭᠠᠨ ᠤ ᠭᠦᠢᠯᠭᠡᠭᠡ ᠶᠢᠨ ᠬᠦᠢᠰᠦ᠂ ᠣᠷᠳᠣᠰ ᠬᠤᠳᠠ ᠶᠢᠨ ᠤᠳᠤᠭ ᠬᠤᠰᠢᠭᠤᠨ ᠤ ᠦᠢᠯᠡᠳᠪᠦᠷᠢᠯᠡᠯ ᠤᠨ ᠦᠢᠯᠡᠴᠢᠯᠡᠭᠡᠨ ᠤ ᠭᠡᠯᠪᠡᠷᠢ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠨᠢ 2023 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ  ᠪᠠᠷᠠᠭᠠᠨ ᠤ ᠭᠦᠢᠯᠭᠡᠭᠡ ᠶᠢᠨ ᠬᠦᠢᠰᠦ ᠶᠢᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠵᠤ᠂ ᠣᠷᠳᠣᠰ ᠬᠤᠳᠠ  ᠳᠠᠬᠢ ᠣᠷᠳᠣᠰ ᠠᠭᠠᠷ ᠤᠨ ᠭᠠᠷᠠᠮ ᠤᠨ  ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠪᠤᠭᠤᠲᠤ ᠬᠤᠳᠠ  ᠳᠠᠬᠢ ᠥᠪᠥᠷ ᠮᠣᠩᠭᠤᠯ ᠤᠨ ᠬᠤᠸᠠ ᠮᠧᠩ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠨᠢ 2023 ᠣᠨ ᠤ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠣᠷᠣᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号