ᠮᠠᠨ ᠤ ᠣᠷᠣᠨ ᠤ 4 ᠲᠦᠷᠦᠯ ᠵᠦᠢᠯ ᠤᠯᠤᠰ ᠤᠨ ︽2023 ᠣᠨ ᠤ 5G ᠶᠢᠨ ᠦᠢᠯᠡᠳᠪᠦᠷᠢ ᠶᠢᠨ ᠨᠡᠷᠡᠰ︾ ᠲᠤ ᠣᠷᠣᠪᠠ
ᠨᠡᠶᠢᠲᠡᠯᠡᠭᠰᠡᠨ ᠴᠠᠭ᠄
2023/12/11
     ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠵᠣᠬᠢᠶᠠᠨ ᠪᠠᠶᠢᠭᠤᠯᠵᠤ ᠳᠡᠪᠰᠢᠭᠦᠯᠦᠭᠰᠡᠨ 4 ᠲᠦᠷᠦᠯ ᠵᠦᠢᠯ ᠤᠯᠤᠰ ᠤᠨ ︽2023 ᠣᠨ ᠤ 5G ᠶᠢᠨ ᠦᠢᠯᠡᠳᠪᠦᠷᠢ ᠶᠢᠨ ᠨᠡᠷᠡᠰ︾ ᠲᠤ ᠣᠷᠣᠪᠠ᠃ ᠡᠨᠡ ᠨᠢ ᠮᠠᠨ ᠤ ᠣᠷᠣᠨ 5G ᠶᠢᠨ ᠣᠶᠤᠨᠲᠤ ᠮᠡᠷᠭᠡᠵᠢᠯ ᠤᠨ ᠬᠡᠷᠡᠭᠯᠡᠭᠡ ᠶᠢᠨ ᠬᠦᠷᠢᠶᠡᠨ ᠳᠤ ᠯᠠᠪᠳᠠᠭᠤᠨ ᠪᠠᠲᠤᠲᠠᠢ ᠠᠬᠢᠭᠰᠠᠨ ᠢ ᠬᠠᠷᠠᠭᠤᠯᠵᠤ ᠪᠠᠶᠢᠨ᠎ᠠ᠃      ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠣᠶᠢᠷ᠎ᠠ ᠳᠤ ᠨᠡᠶᠢᠲᠡᠯᠡᠭᠰᠡᠨ ︽2023 ᠣᠨ ᠤ 5G ᠶᠢᠨ ᠦᠢᠯᠡᠳᠪᠦᠷᠢ ᠶᠢᠨ ᠨᠡᠷᠡᠰ︾ ᠲᠤ ᠮᠠᠨ ᠤ ᠣᠷᠣᠨ ᠤ ᠬᠤᠢ ᠨᠧᠩ ᠪᠦᠯᠦᠭᠯᠡᠯ ᠤᠨ ᠲᠠᠪᠤᠳᠤᠭᠠᠷ ᠠᠭᠤᠷᠬᠠᠢ ᠶᠢᠨ 5G + ᠣᠶᠤᠨᠲᠤ ᠠᠭᠤᠷᠬᠠᠢ᠂ ᠮᠠ ᠳ᠋ᠢ ᠯᠢᠶᠠᠩ ᠤᠨ 5G + ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠶᠤᠨᠲᠤ ᠠᠭᠤᠷᠬᠠᠢ᠂ 5G ᠶᠢᠨ ᠮᠡᠷᠭᠡᠵᠢᠯ ᠳᠤ ᠰᠠᠭᠤᠷᠢᠯᠠᠭᠰᠠᠨ ᠠᠵᠤ ᠦᠢᠯᠡᠳᠪᠦᠷᠢ ᠶᠢᠨ ᠤᠲᠠᠰᠤ ᠦᠭᠡᠢ ᠰᠦᠯᠵᠢᠶ᠎ᠡ ᠶᠢᠨ ᠣᠶᠤᠨᠲᠤ ᠢᠯᠴᠢ ᠶᠢᠨ ᠴᠠᠭᠢᠯᠭᠠᠨ ᠳᠠᠬᠢ ᠬᠡᠷᠡᠭᠯᠡᠭᠡ᠂ ᠢᠮᠢᠨ ᠵᠠᠳᠠᠭᠠᠢ ᠨᠡᠭᠦᠷᠡᠰᠦᠨ ᠠᠭᠤᠷᠬᠠᠢ ᠶᠢᠨ 5G ᠶᠢᠨ ᠠᠭᠤᠷᠬᠠᠢ ᠵᠡᠷᠭᠡ 4 ᠲᠦᠷᠦᠯ ᠵᠦᠢᠯ ᠪᠠᠭᠲᠠᠨ ᠣᠷᠣᠪᠠ᠃ 5G  ᠶᠢᠨ ᠮᠡᠷᠭᠡᠵᠢᠯ ᠪᠣᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠴᠢᠬᠤᠯᠠ ᠬᠦᠴᠦᠨ ᠮᠥᠨ᠃ ᠣᠶᠢᠷ᠎ᠠ ᠶᠢᠨ ᠵᠢᠯ ᠳᠤ ᠮᠠᠨ  ᠤ ᠣᠷᠣᠨ 5G ᠶᠢᠨ ᠮᠡᠷᠭᠡᠵᠢᠯ ᠤᠨ ᠬᠥᠭᠵᠢᠯᠲᠡ ᠶᠢᠨ ᠠᠵᠠ ᠳᠤᠭᠢᠶᠠᠯ ᠢ ᠠᠮᠵᠢᠨ ᠠᠳᠬᠤᠵᠤ᠂ 5G ᠶᠢᠨ ᠮᠡᠷᠭᠡᠵᠢᠯ ᠢ ᠠᠵᠤ ᠠᠬᠤᠢ ᠨᠡᠶᠢᠭᠡᠮ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠣᠶᠤᠨᠴᠢᠯᠠᠭᠰᠠᠨ ᠲᠡᠶᠢᠰᠢ ᠳᠡᠰ ᠳᠡᠪᠰᠢᠬᠦ ᠳᠤ ᠠᠭᠤᠰᠤᠯᠴᠠᠭᠤᠯᠬᠤ ᠶᠢ ᠡᠷᠴᠢᠮᠲᠡᠢ ᠠᠬᠢᠭᠤᠯᠪᠠ᠃ ᠪᠦᠭᠦ ᠣᠷᠣᠨ ᠤ 5G ᠶᠢᠨ ᠰᠠᠭᠤᠷᠢ ᠦᠷᠳᠡᠭᠡ ᠶᠢᠨ ᠪᠦᠲᠦᠭᠡᠨ ᠪᠠᠶᠢᠭᠤᠯᠤᠯᠲᠠ ᠱᠠᠯᠠᠪᠳᠠᠨ ᠠᠬᠢᠵᠤ᠂ ᠰᠦᠯᠵᠢᠶᠡᠨ ᠤ ᠦᠢᠯᠡᠴᠢᠯᠡᠭᠡ ᠲᠠᠰᠤᠷᠠᠯᠳᠠ ᠦᠭᠡᠢ ᠰᠠᠶᠢᠵᠢᠷᠠᠨ᠂ 11 ᠰᠠᠷ᠎ᠠ ᠶᠢᠨ ᠰᠡᠭᠦᠯᠴᠢ ᠪᠤᠯᠳᠠᠯ᠎ᠠ 6 ᠲᠦᠮᠡ ᠭᠠᠷᠤᠢ 5G ᠶᠢᠨ ᠰᠠᠭᠤᠷᠢ ᠦᠷᠳᠡᠭᠡ ᠲᠠᠢ ᠪᠣᠯᠵᠤ᠂ ᠲᠦᠮᠡᠨ ᠬᠥᠮᠥᠨ ᠪᠦᠷᠢ ᠳᠤ 25 ᠭᠠᠷᠤᠢ 5G ᠶᠢᠨ ᠰᠠᠭᠤᠷᠢ ᠦᠷᠳᠡᠭᠡ ᠨᠣᠭᠳᠠᠨ᠂ ᠪᠦᠭᠦ ᠤᠯᠤᠰ ᠤᠨ ᠲᠡᠷᠢᠭᠦᠨ ᠡᠩᠨᠡᠭᠡ ᠳᠤ ᠵᠢᠭᠰᠠᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号