ᠦᠴᠦᠸᠠᠨ ᠰᠢᠶᠠᠨ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/12
     ᠠᠷᠪᠠᠳᠤᠭᠠᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ 12 ᠰᠠᠷ᠎ᠠ ᠶᠢᠨ 5  ᠤ ᠡᠳᠦᠷ᠂ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠢᠨ᠎ᠡ ᠳᠡᠯᠡᠬᠡᠢ ᠠᠭᠤᠳᠠᠮ ᠲᠠᠯᠠᠪᠠᠢ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠮᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠢ ᠭᠦᠸᠧ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠠᠵᠢᠯᠯᠠᠭ᠎ᠠ ᠳᠤ᠂ ᠡᠯ᠎ᠡ ᠬᠠᠮᠢᠶ᠎ᠠ ᠪᠦᠬᠦᠢ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠶᠠᠪᠤᠵᠤ ᠪᠠᠶᠢᠭ᠎ᠠ ᠤᠯᠠᠨ ᠲᠦᠮᠡᠨ ᠳᠤ ᠦᠨᠳᠦᠰᠦᠨ ᠬᠠᠤᠯᠢ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠲᠦᠭᠡᠮᠡᠯᠵᠢᠭᠦᠯᠬᠦ ᠶᠢᠨ ᠬᠠᠮᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠵᠡᠷᠭᠡ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠲᠦᠮᠡᠨ ᠳᠤ ᠤᠯᠠᠮ ᠨᠢᠭᠡ ᠠᠯᠬᠤᠮ ᠤᠬᠠᠭᠤᠯᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠬᠠᠤᠯᠢ ᠶᠢ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
     ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠦᠷᠭᠦᠯᠵᠢᠯᠡᠨ ᠰᠢᠷᠢᠰ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢᠵᠢᠯ ᠤᠨ ᠣᠶᠢᠯᠠᠭᠠᠭᠳᠠᠬᠤᠨ ᠢ ᠴᠢᠩᠭᠠᠳᠬᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠠᠷᠠᠳ ᠤᠯᠠᠨ ᠲᠠᠢ ᠣᠶᠢᠷᠠᠲᠤᠭᠤᠯᠬᠤ ᠶᠢ ᠠᠬᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号