ᠰᠢᠶᠠᠨ ᠤ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠰᠣᠯᠢᠯᠴᠠᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/13
     12 ᠰᠠᠷ᠎ᠠ ᠶᠢᠨ 10  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠰᠣᠯᠢᠯᠴᠠᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢᠶᠠᠨ ᠤ ᠤᠳᠤᠷᠢᠳᠤᠯᠭ᠎ᠠ ᡁᠢ ᠵᠢᠶᠠᠨ ᠭᠠᠩ᠂ ᠶᠠᠨ ᠰᠢᠶᠠᠨ ᠦ᠋᠂ ᠶᠠᠨ ᠶᠦᠩ᠂ ᠶᠦᠨ ᠰᠢᠶᠣᠣ ᠮᠢᠨ᠂ ᠰᠦᠸ᠋ᠸ ᠶᠦᠩ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠨᠢᠭᠡ ᠳᠤ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠨᠡᠪᠳᠡᠷᠡᠳᠡᠯ᠎ᠡ ᠡᠵᠡᠮᠰᠢᠵᠦ᠂ ᠪᠣᠳᠠᠲᠠᠶᠢᠵᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠠᠵᠢᠯᠯᠠᠭ᠎ᠠ ᠳᠡᠭᠡᠷ᠎ᠡ ᠪᠠᠨ ᠡᠷᠡᠰ ᠪᠠᠲᠤ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ︔ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠯᠠᠪᠳᠠᠭᠤᠨ ᠪᠠᠲᠤᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠷ᠎ᠡ ᠢᠯᠡᠷᠡᠭᠦᠯᠬᠦ ᠬᠡᠷᠡᠭᠲᠡᠢ︔ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠠᠯᠳᠠᠭ᠎ᠠ ᠪᠤᠷᠤᠭᠤ ᠶᠢ ᠴᠠᠭ ᠲᠤᠬᠠᠢ ᠳᠤᠨᠢ ᠵᠠᠯᠠᠷᠠᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ᠃ ᠤᠯᠤᠰ ᠲᠤᠶᠢᠷᠦ ᠶᠢ ᠡᠷᠬᠢᠮᠯᠡᠬᠦ ᠶᠠᠪᠤᠳᠠᠯ ᠢ ᠤᠢᠢᠯᠠ ᠠᠵᠢᠯᠯᠠᠭ᠎ᠠ ᠳᠡᠭᠡᠷ᠎ᠡ ᠪᠠᠨ ᠦᠨᠡᠨ ᠪᠣᠳᠠᠲᠠᠢ ᠪᠠᠷ ᠢᠯᠡᠷᠡᠭᠦᠯᠵᠦ᠂ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠴᠠᠭᠠᠷᠠᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠪᠠᠴᠢᠮ ᠬᠦᠴᠢᠷᠲᠡᠢ ᠠᠶᠤᠯᠲᠠᠢ ᠠᠵᠢᠯ ᠤᠨ ᠳᠤᠮᠳᠠ ᠺᠠᠳ᠋ᠷ ᠢ ᠳᠠᠪᠲᠠᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠬᠥᠮᠥᠵᠢᠭᠦᠯᠵᠦ᠂ ᠠᠵᠢᠯ ᠬᠢᠬᠦ ᠶᠢ ᠬᠦᠰᠡᠳᠡᠭ᠂ ᠠᠵᠢᠯ ᠬᠢᠵᠦ ᠴᠢᠳᠠᠳᠠᠭ᠂ ᠠᠵᠢᠯ ᠬᠢᠬᠦ ᠳᠡᠭᠡᠨ ᠵᠣᠷᠢᠭᠲᠠᠢ᠂ ᠠᠵᠢᠯ ᠬᠢᠵᠦ ᠪᠦᠲᠦᠭᠡᠳᠡᠭ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠵᠤ᠂ ︽ᠪᠢ ᠬᠥᠮᠥᠨ ᠢ ᠬᠦᠷᠬᠦ ᠦᠭᠡᠢ︾ ᠭᠡᠬᠦ ᠪᠤᠳᠤᠯ ᠢᠶᠠᠨ ᠲᠤᠶᠢᠯᠪᠤᠷᠢᠲᠠᠢ ᠲᠠᠶᠠᠭᠳᠠᠵᠤ᠂ ᠥᠪᠡᠷ ᠢ ᠪᠠᠨ ᠪᠢᠲᠡᠭᠦᠮᠵᠢᠯᠡᠬᠦ ᠦᠵᠡᠯᠲᠡ ᠶᠢ ᠡᠪᠳᠡᠵᠦ᠂ ᠵᠣᠷᠢᠭᠲᠠᠢ ᠪᠠᠷ ᠰᠦᠪᠡᠭᠴᠢᠯᠡᠵᠦ᠂ ᠵᠣᠷᠢᠭᠲᠠᠢ ᠪᠠᠷ ᠠᠵᠢᠯᠯᠠᠬᠤ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠪᠣᠳᠠᠲᠠᠢ ᠠᠵᠢᠯᠯᠠᠬᠤ ᠪᠠᠷ ᠪᠠᠭᠠᠲᠤᠷ ᠢ ᠦᠨᠡᠯᠡᠬᠦ ᠶᠢ ᠪᠠᠷᠢᠮᠲᠠᠯᠠᠵᠤ᠂ ᠺᠠᠳ᠋ᠷ ᠢ ᠦᠨᠡᠯᠡᠵᠦ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠴᠤ ᠪᠣᠯᠬᠤ᠂ ᠣᠷᠣᠵᠤ ᠪᠣᠯᠬᠤ ᠮᠥᠷᠲᠡᠭᠡᠨ ᠭᠠᠷᠴᠤ ᠴᠤ ᠪᠣᠯᠬᠤ ᠶᠢ ᠠᠬᠢᠭᠤᠯᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠢ᠃ ᠭᠤᠷᠪᠠ ᠳᠤ ᠦᠨᠳᠦᠰᠦᠨ ᠱᠠᠲᠤᠨ ᠤ ᠺᠠᠳ᠋ᠷᠴᠤᠳ ᠤᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶᠡᠴᠢ ᠴᠣᠭᠴᠠ ᠪᠣᠯ ᠨᠠᠮ ᠤᠨ ᠭᠡᠰᠢᠭᠦᠨ ᠮᠥᠨ᠂ ᠦᠢᠯᠡᠴᠢᠯᠡᠬᠦ ᠡᠲᠡᠭᠡᠳ ᠪᠣᠯ ᠤᠯᠠᠨ ᠲᠦᠮᠡᠨ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠠᠷ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠨᠢᠭᠡ ᠲᠠᠯ᠎ᠠ ᠪᠠᠷ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠬᠦ ᠠᠵᠢᠯ ᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠤ ᠡᠳᠦᠷ ᠳᠤᠳᠤᠮ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠤᠯᠤᠰ ᠲᠦᠷᠦ ᠶᠢᠨ ᠬᠡᠪ ᠪᠣᠯᠪᠠᠰᠤᠷᠠᠯ᠂ ᠨᠠᠮᠴᠢ ᠴᠢᠨᠠᠷ ᠤᠨ ᠪᠣᠯᠪᠠᠰᠤᠷᠠᠯ ᠪᠣᠯᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠨᠦᠭᠦᠭᠡ ᠲᠠᠯ᠎ᠠ ᠪᠠᠷ ᠤᠯᠠᠨ ᠲᠦᠮᠡᠨ ᠳᠤ ᠦᠢᠯᠡᠴᠢᠯᠡᠬᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠵᠢᠯ ᠢ ᠴᠢᠷᠮᠠᠶᠢᠨ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠤᠯᠠᠨ ᠲᠦᠮᠡᠨ ᠤ ᠪᠠᠴᠢᠮᠳᠠᠬᠤ ᠬᠦᠴᠢᠷᠳᠡᠵᠦ ᠵᠣᠪᠠᠵᠤ ᠰᠠᠨᠠᠵᠤ ᠬᠦᠰᠡᠭᠰᠡᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠬᠤᠭᠤᠴᠠᠭᠠᠨ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠭᠤᠣᠯ ᠤᠶᠤᠨ ᠴᠢᠳᠠᠯ ᠢᠶᠠᠨ ᠠᠰᠠᠭᠤᠳᠠᠯ ᠢ ᠰᠢᠢᠳᠪᠦᠷᠢᠯᠡᠬᠦ ᠪᠠ ᠪᠣᠳᠠᠲᠠᠢ ᠶᠠᠪᠤᠳᠠᠯ ᠬᠢᠬᠦ ᠳᠡᠭᠡᠷ᠎ᠡ ᠲᠠᠯᠪᠢᠵᠤ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠡᠳ ᠶᠠᠮᠠᠷ ᠦᠷ᠎ᠡ ᠪᠦᠲᠦᠮᠵᠢ ᠣᠯᠣᠭᠰᠠᠨ ᠢ ᠨᠠᠷᠢᠨ ᠬᠢᠨᠠᠮᠠᠭᠠᠢ ᠲᠣᠭᠠᠯᠠᠨ ᠪᠦᠷᠢᠳᠬᠡᠵᠦ᠂ ᠬᠡᠯᠪᠡᠷᠢᠴᠢ ᠦᠵᠡᠯ ᠢ ᠡᠷᠡᠰ ᠬᠤᠷᠢᠭᠯᠠᠬᠤ ᠬᠡᠷᠡᠭᠲᠡᠢ᠃ ᠳᠥᠷᠪᠡ ᠳᠤ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠵᠦ᠂ ᠴᠢᠩᠭ᠎ᠠ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠲᠠᠪᠤ ᠳᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠴᠠᠯᠠᠭᠠᠶᠢᠷᠠᠬᠤ᠂ ᠰᠤᠯᠠᠷᠠᠬᠤ ᠤᠷᠮ᠎ᠠ ᠰᠡᠳᠬᠢᠯᠭᠡ ᠶᠢ ᠡᠷᠡᠰ ᠰᠡᠷᠭᠡᠶᠢᠯᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠤᠪᠢ ᠬᠥᠮᠥᠨ ᠤ ᠥᠪᠡᠷ ᠢᠶᠠᠨ ᠰᠤᠷᠤᠯᠴᠠᠬᠤ᠂ ᠨᠣᠮ ᠤᠩᠰᠢᠬᠤ ᠠᠩᠭᠢ᠂ ᠭᠤᠣᠯ ᠳᠤᠭᠤᠶᠢᠯᠠᠩ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠠᠷᠭ᠎ᠠ ᠵᠠᠮ ᠤᠨ ᠰᠤᠷᠤᠯᠴᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠤᠯᠴᠠᠯᠭ᠎ᠠ ᠶᠢ ᠬᠤᠴᠣᠷᠤᠭᠤᠯᠬᠤ ᠦᠭᠡᠢ᠂ ᠬᠡᠯᠪᠡᠶᠢᠭᠦᠦ ᠪᠣᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠦᠷ᠎ᠡ ᠪᠦᠲᠦᠭᠡᠯ ᠢ ᠤᠯᠠᠷᠢᠭᠤᠯᠬᠤ ᠶᠢ ᠴᠢᠬᠤᠯᠠᠴᠢᠯᠠᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ ᠬᠡᠰᠡᠭ ᠠᠰᠠᠭᠤᠳᠠᠯ ᠢ ᠲᠣᠭᠲᠠᠭᠠᠬᠤ ᠳᠤ᠂ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠬᠤ ᠬᠡᠷᠡᠭᠲᠡᠢ᠃ ︽ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠣᠯᠠᠨ ᠲᠦᠮᠡᠨ ᠤ ᠬᠦᠴᠢᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠪᠣᠳᠠᠲᠠᠢ ᠠᠵᠢᠯ ᠬᠢᠵᠦ᠂ ᠠᠵᠢᠯᠯᠠᠭ᠎ᠠ ᠶᠢᠨ ᠬᠦᠴᠦᠨ ᠲᠠᠢ ᠪᠠᠶᠢᠬᠤ᠂ ᠪᠣᠳᠠᠲᠤ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号