ᠦᠴᠦᠸᠠᠨ ᠰᠢᠶᠠᠨ ᠪᠦᠬᠦ ᠰᠢᠶᠠᠨ ᠤ ᠰᠠᠯᠠᠭ᠎ᠠ ᠶᠢᠨ ᠳᠡᠰ ᠤᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/12/13
     ᠤᠳᠤᠷᠢᠳᠬᠤ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 8 ᠤ ᠡᠳᠦᠷ ᠠᠴᠠ 12 ᠰᠠᠷ᠎ᠠ ᠶᠢᠨ 10 ᠤ ᠡᠳᠦᠷ ᠪᠣᠯᠲᠠᠯ᠎ᠠ᠂ ᠦᠴᠦᠸᠠᠨ ᠰᠢᠶᠠᠨ ᠪᠥᠬᠦ ᠰᠢᠶᠠᠨ ᠤ ᠰᠠᠯᠠᠭ᠎ᠠ ᠶᠢᠨ ᠲᠠᠰ ᠤᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠭᠤᠷᠪᠠᠨ ᠡᠳᠦᠷ ᠤᠨ ᠬᠤᠭᠤᠴᠠᠭ᠎ᠠ ᠲᠠᠢ ᠡᠷᠭᠢᠯᠡᠪᠡ᠃ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠰᠠᠯᠠᠭ᠎ᠠ ᠶᠢᠨ ᠲᠠᠰ ᠤᠨ ᠺᠠᠳ᠋ᠷ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠳᠤ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠬᠢᠴᠢᠶᠡᠯ ᠲᠣᠬᠢᠷᠠᠭᠤᠯᠬᠤ ᠶᠢᠨ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠂ ᠠᠵᠢᠯ ᠲᠥᠷᠥᠯ᠂ ᠨᠡᠶᠢᠭᠡᠮᠯᠢᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠢᠵᠤ ᠣᠷᠣᠯᠴᠠᠭᠰᠠᠳ ᠲᠤ ᠨᠠᠷᠢᠨ ᠨᠢᠮᠪᠠᠢ ᠬᠢᠴᠢᠶᠡᠯ ᠣᠷᠣᠭᠤᠯᠪᠠ᠃ ᠪᠣᠯᠪᠠᠰᠤᠷᠠᠯ ᠢ ︽ᠲᠥᠪᠯᠡᠷᠡᠭᠦᠯᠦᠨ ᠬᠢᠴᠢᠶᠡᠯᠯᠡᠬᠦ + ᠦᠢᠯᠡᠳᠦᠯᠴᠡᠨ ᠵᠢᠭᠠᠨ ᠰᠤᠷᠭᠠᠬᠤ + ᠰᠢᠭᠤᠳ ᠨᠡᠪᠲᠡᠷᠡᠭᠦᠯᠦᠨ ᠵᠢᠭᠠᠨ ᠰᠤᠷᠭᠠᠬᠤ + ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ + ᠸᠢᠳᠢᠤ᠋ ᠪᠠᠷ ᠵᠢᠭᠠᠨ ᠰᠤᠷᠭᠠᠬᠤ︾ ᠵᠡᠷᠭᠡ ᠬᠡᠯᠪᠡᠷᠢ ᠪᠠᠷ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠥᠷᠨᠢᠭᠦᠯᠵᠦ᠂ ᠰᠠᠯᠠᠭ᠎ᠠ ᠶᠢᠨ ᠲᠠᠰ ᠤᠨ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠲᠤᠰ ᠤᠳᠠᠭ᠎ᠠ ᠶᠢᠨ ᠪᠣᠯᠪᠠᠰᠤᠷᠠᠯ ᠤᠨ ᠠᠭᠤᠯᠭ᠎ᠠ ᠪᠠᠶᠠᠯᠢᠭ᠂ ᠬᠡᠯᠪᠡᠷᠢ ᠤᠯᠠᠨ ᠶᠠᠩᠵᠤ ᠶᠢᠨ ᠪᠠᠶᠢᠵᠤ᠂ ᠤᠯᠠᠨ ᠳᠤ ᠮᠡᠳᠡᠯᠭᠡ ᠬᠤᠷᠠᠮᠳᠤᠭᠤᠯᠬᠤ ᠪᠠ ᠪᠤᠰᠤᠳ ᠺᠠᠳ᠋ᠷᠴᠤᠳ ᠲᠠᠢ ᠰᠣᠯᠢᠯᠴᠠᠨ ᠬᠤᠪᠢᠶᠠᠯᠴᠠᠬᠤ ᠲᠠᠪᠴᠠᠩ ᠬᠠᠩᠭᠠᠪᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠨᠤᠯ ᠵᠢᠴᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠵᠤ᠂ ᠪᠣᠯᠪᠠᠰᠤᠷᠠᠯ ᠤᠨ ᠦᠷ᠎ᠡ ᠪᠦᠲᠦᠮᠵᠢ ᠶᠢ ᠪᠣᠳᠠᠲᠠᠢ ᠠᠵᠢᠯᠯᠠᠭ᠎ᠠ ᠪᠣᠳᠠᠲᠠᠢ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号