ᠦᠴᠦᠸᠠᠨ ᠰᠢᠶᠠᠨ ᠠᠩᠬᠠᠳᠤᠭᠠᠷ ᠬᠤᠭᠤᠴᠠᠭᠠᠨ ᠤ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/12/13
     ᠮᠠᠨ ᠤ ᠰᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠳ ᠤᠨ ᠭᠠᠯ ᠤᠨᠲᠠᠷᠠᠭᠠᠬᠤ ᠠᠵᠢᠯ ᠤᠨ ᠬᠡᠪ ᠴᠢᠨᠠᠷ ᠪᠣᠯᠣᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 7  ᠤ ᠡᠳᠦᠷ᠂ ᠦᠴᠦᠸᠠᠨ ᠰᠢᠶᠠᠨ ᠠᠩᠬᠠᠳᠤᠭᠠᠷ ᠬᠤᠭᠤᠴᠠᠭᠠᠨ ᠤ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠮᠥᠷᠥᠶᠢᠴᠡᠭᠡᠨ ᠢ ᠶᠠᠪᠤᠭᠤᠯᠪᠠ᠃
     ᠤᠷᠤᠯᠳᠤᠭᠠᠨ ᠢ ᠭᠤᠷᠪᠠᠨ ᠲᠦᠷᠦᠯ ᠵᠦᠢᠯ ᠬᠤᠪᠢᠶᠠᠵᠤ᠂ ᠳᠡᠰ ᠳᠠᠷᠠᠭ᠎ᠠ ᠪᠠᠷ ᠨᠢ ᠬᠦᠨᠳᠦ ᠶᠢ ᠡᠭᠦᠷᠦᠨ ᠭᠦᠶᠦᠬᠦ᠂ ᠨᠢᠭᠡ ᠬᠥᠮᠥᠨ ᠬᠤᠶᠠᠷ ᠤᠰᠤᠨ ᠤᠭᠤᠲᠠ ᠶᠢ ᠬᠤᠯᠪᠣᠬᠤ᠂ ᠭᠠᠯ ᠰᠡᠷᠭᠡᠶᠢᠯᠡᠬᠦ ᠪᠠᠶᠢᠯᠳᠤᠭᠠᠨ ᠤ ᠬᠤᠪᠴᠠᠰᠤ ᠡᠮᠦᠰᠴᠦ ᠵᠡᠭᠦᠬᠦ᠂ ᠤᠳᠠᠭ᠎ᠠ ᠪᠦᠷᠢ ᠶᠢᠨ ᠤᠷᠤᠯᠳᠤᠭᠠᠨ ᠢ ᠳᠥᠷᠪᠡᠨ ᠳᠤᠭᠤᠶᠢᠯᠠᠩ ᠬᠤᠪᠢᠶᠠᠵᠤ᠂ ᠨᠡᠶᠢᠲᠡ 5 ᠤᠳᠠᠭ᠎ᠠ ᠶᠠᠪᠤᠭᠳᠠᠭᠤᠯᠤᠨ᠎ᠠ᠂ ᠶᠡᠷᠦᠩᠬᠡᠢ ᠵᠢᠯᠣᠭᠤᠳᠤᠭᠴᠢ ᠶᠢᠨ ᠵᠠᠷᠯᠢᠭ ᠳᠣᠣᠷ᠎ᠠ ᠤᠷᠤᠯᠳᠤᠭᠠᠨ ᠵᠢᠩᠬᠢᠨᠢ ᠪᠠᠷ ᠡᠬᠢᠯᠡᠵᠦ᠂ ᠤᠷᠤᠯᠳᠤᠭᠠᠨ ᠳᠤ ᠣᠷᠣᠯᠴᠠᠭᠰᠠᠨ ᠡᠯ᠎ᠡ ᠲᠠᠮᠢᠷᠴᠢᠳ ᠤᠨ ᠲᠡᠮᠡᠴᠡᠯ ᠤᠨ ᠵᠣᠷᠢᠭ᠂ ᠴᠤᠭ ᠵᠢᠪᠬᠤᠭ᠎ᠠ ᠪᠠᠳᠠᠷᠠᠨ᠂ ᠬᠠᠬᠢᠷ ᠬᠦᠢᠲᠡᠨ ᠠᠴᠠ ᠠᠶᠤᠬᠤ ᠦᠭᠡᠢ ᠪᠠᠷ ᠡᠷᠡᠯᠬᠡᠭᠯᠡᠨ ᠲᠡᠮᠡᠴᠡᠵᠦ᠂ ᠭᠤᠷᠪᠠᠨ ᠲᠦᠷᠦᠯ ᠵᠦᠢᠯ ᠤᠨ ᠤᠷᠤᠯᠳᠤᠭᠠᠨ ᠤ ᠲᠣᠭᠤᠷᠢᠨ ᠳᠤ ᠰᠢᠷᠦᠭᠦᠨ ᠲᠡᠮᠡᠴᠡᠭᠡᠨ ᠶᠠᠪᠤᠭᠤᠯᠤᠯ᠎ᠠ᠃ ᠡᠯ᠎ᠡ ᠰᠠᠯᠠᠭ᠎ᠠ ᠡᠩᠨᠡᠭᠡ ᠶᠢᠨ  ᠬᠢᠨ ᠪᠣᠯᠪᠠᠰᠤᠷᠠᠩᠭᠤᠢ ᠪᠠᠷ ᠠᠵᠢᠯᠯᠠᠵᠤ᠂ ᠬᠠᠷᠢᠯᠴᠠᠨ ᠬᠠᠮᠵᠢᠯᠴᠠᠵᠤ᠂ ᠤᠷᠤᠯᠳᠤᠭᠠᠨ ᠤ ᠲᠦᠷᠦᠯ ᠵᠦᠢᠯ ᠨᠢᠭᠡᠪᠦᠷᠢ ᠶᠢ ᠭᠠᠷᠮᠠᠭᠠᠢ ᠪᠡᠶᠡᠯᠡᠭᠦᠯᠵᠦ᠂ ᠮᠠᠨ ᠤ ᠰᠢᠶᠠᠨ ᠤ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠮᠡᠷᠡᠶᠢᠨ ᠤᠷᠤᠭᠰᠢᠯᠠᠵᠤ᠂ ᠵᠣᠷᠢᠭᠲᠠᠢ ᠪᠠᠷ ᠰᠢᠪᠲᠤᠯᠤᠨ ᠵᠣᠷᠢᠭᠲᠠᠢ ᠪᠠᠷ ᠲᠡᠮᠡᠴᠡᠬᠦ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃
     ᠨᠢᠭᠡ ᠦᠳᠡ ᠶᠢᠨ ᠡᠮᠦᠨ᠎ᠡ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠬᠠᠮᠤᠭ ᠡᠴᠦᠰ ᠲᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠰᠢᠯᠭᠠᠷᠠᠭᠤᠯᠵᠤ᠂ ᠱᠠᠩᠨᠠᠯ ᠣᠯᠣᠭᠰᠠᠨ ᠡᠩᠨᠡᠭᠡ ᠳᠤ ᠱᠠᠩᠨᠠᠯ ᠭᠠᠷᠳᠠᠭᠤᠯᠪᠠ᠃      ᠲᠤᠰ ᠤᠳᠠᠭ᠎ᠠ ᠶᠢᠨ ᠤᠷᠤᠯᠳᠤᠭᠠᠨ ᠢ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠭᠤᠣᠯᠯᠠᠨ ᠡᠷᠬᠢᠯᠡᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠥᠪᠥᠷ ᠮᠣᠩᠭᠤᠯ ᠤᠨ ᠶᠠᠨ ᠬᠦ᠋ ᠹᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号