ᠮᠠᠨ ᠤ ᠣᠷᠣᠨ ᠵᠠᠮ ᠲᠡᠭᠡᠭᠡᠪᠦᠷᠢ ᠶᠢᠨ ᠶᠠᠪᠤᠳᠠᠯ ᠤᠨ 14 ᠲᠦᠮᠡᠨ ᠵᠤᠷᠪᠤᠰ ᠵᠢᠷᠤᠮᠵᠢᠯ ᠦᠭᠡᠢ ᠲᠤᠭ᠎ᠠ ᠪᠠᠷᠢᠮᠲᠠ ᠶᠢ ᠨᠥᠬᠦᠪᠦᠷᠢᠯᠡᠭᠰᠡᠨ ᠪᠤᠶᠤ ᠴᠡᠪᠡᠷᠯᠡᠨ ᠲᠢᠭᠯᠡᠪᠠ
ᠨᠡᠶᠢᠲᠡᠯᠡᠭᠰᠡᠨ ᠴᠠᠭ᠄
2023/12/13
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠪᠦᠭᠦ ᠣᠷᠣᠨ ᠤ ᠵᠠᠮ ᠲᠡᠭᠡᠭᠡᠪᠦᠷᠢ ᠶᠢᠨ ᠶᠠᠪᠤᠳᠠᠯ ᠤᠨ ᠮᠡᠳᠡᠭᠡ  ᠵᠠᠩᠭᠢ   ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠲᠢᠭᠯᠡᠭᠦ ᠠᠵᠢᠯ ᠢ ᠥᠷᠨᠢᠭᠦᠯᠵᠦ᠂ ᠣᠳᠣᠬᠠᠨ ᠪᠤᠯᠳᠠᠯ᠎ᠠ ᠨᠡᠶᠢᠳᠡ 14 ᠲᠦᠮᠡᠨ ᠵᠤᠷᠪᠤᠰ ᠵᠢᠷᠤᠮᠵᠢᠯ  ᠦᠭᠡᠢ  ᠲᠤᠭ᠎ᠠ ᠪᠠᠷᠢᠮᠲᠠ ᠶᠢ  ᠨᠥᠬᠦᠪᠦᠷᠢᠯᠡᠭᠰᠡᠨ ᠪᠤᠶᠤ ᠴᠡᠪᠡᠷᠯᠡᠨ ᠲᠢᠭᠯᠡᠪᠠ᠃      ᠵᠠᠮ ᠲᠡᠭᠡᠭᠡᠪᠦᠷᠢ ᠶᠢᠨ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠪᠣᠯ ᠠᠵᠢᠯ ᠲᠥᠷᠥᠯ ᠤᠨ ᠮᠡᠳᠡᠭᠡ ᠵᠠᠩᠭᠢᠵᠢᠯᠲᠠ ᠪᠣᠯᠣᠨ ᠣᠶᠤᠨᠴᠢᠯᠠᠭᠰᠠᠨ ᠬᠠᠮᠢᠶᠠᠷᠤᠯᠲᠠ ᠶᠢᠨ ᠰᠠᠭᠤᠷᠢ ᠪᠠ ᠭᠤᠣᠯᠳᠠᠯᠭ᠎ᠠ ᠪᠣᠯᠣᠨ᠎ᠠ᠃ ᠮᠠᠨ ᠤ ᠣᠷᠣᠨ ᠤ ᠵᠠᠮ ᠲᠡᠭᠡᠭᠡᠪᠦᠷᠢ ᠶᠢᠨ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠶᠢᠨ ᠲᠥᠯᠥᠭᠡ᠂ ᠬᠦᠴᠦᠨ ᠪᠦᠬᠦᠢ ᠲᠤᠭ᠎ᠠ ᠪᠠᠷᠢᠮᠲᠠ ᠳᠤ ᠡᠯᠧᠺᠲᠷᠣᠨ ᠭᠡᠷᠡᠴᠢ ᠦᠨᠡᠮᠯᠡᠯ ᠢ ᠳᠡᠯᠭᠡᠷᠡᠭᠦᠯᠬᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠤᠭ᠎ᠠ ᠪᠦᠷᠢᠳᠬᠡᠯ ᠢ ᠵᠠᠳᠠᠯᠬᠤ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠶᠡᠷᠦᠩᠬᠡᠶᠢᠯᠡᠭᠰᠡᠨ ᠬᠡᠷᠡᠭᠯᠡᠯᠲᠡ ᠶᠢ ᠤᠯᠠᠮ  ᠴᠢᠩᠭᠠᠳᠬᠠᠵᠤ᠂ ᠡᠨᠡ ᠵᠢᠯ  ᠤᠨ 11 - 12 ᠰᠠᠷ᠎ᠠ ᠳᠤ ᠡᠯ᠎ᠡ ᠱᠠᠲᠤᠨ ᠤ ᠵᠠᠮ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠ ᠡᠪᠬᠡᠮᠡᠯ ᠢ ᠪᠠᠶᠢᠴᠠᠭᠠᠬᠤ᠂ ᠰᠢᠰᠲ᠋ᠧᠮ ᠤᠨ ᠬᠠᠷᠢᠴᠠᠭᠤᠯᠤᠯ ᠬᠢᠬᠦ᠂ ᠰᠠᠯᠠᠭ᠎ᠠ ᠮᠥᠴᠢᠷ ᠬᠠᠮᠵᠢᠨ ᠭᠦᠢᠴᠡᠳᠬᠡᠬᠦ ᠵᠡᠷᠭᠡ ᠠᠷᠭ᠎ᠠ ᠭᠡᠯᠪᠡᠷᠢ ᠪᠠᠷ ᠲᠡᠷᠭᠡᠨ ᠠᠷᠠᠯ ᠤᠨ ᠨᠣᠮᠧᠷ᠂ ᠦᠢᠯᠡᠳᠪᠦᠷᠢ ᠠᠴᠠ ᠭᠠᠷᠤᠭᠰᠠᠨ ᠡᠳᠦᠷ  ᠬᠤᠭᠤᠴᠠᠭ᠎ᠠ  ᠂  ᠦᠢᠯᠡᠳᠪᠦᠷᠢ   ᠶᠢᠨ ᠫᠠᠶᠢᠰᠠ   ᠲᠡᠮᠳᠡᠭ   ᠵᠡᠷᠭᠡ 9 ᠵᠦᠢᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠵᠤ᠂ ᠬᠦᠴᠦᠨ ᠦᠭᠡᠢ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ  ᠂ ᠣᠨ ᠤ ᠬᠢᠨᠠᠨ ᠰᠢᠯᠭᠠᠯᠲᠠ ᠶᠢᠨ ᠬᠤᠭᠤᠴᠠᠭ᠎ᠠ ᠠᠴᠠ ᠬᠡᠲᠦᠷᠡᠭᠰᠡᠨ ᠲᠤᠭ᠎ᠠ ᠪᠠᠷᠢᠮᠲᠠ ᠵᠡᠷᠭᠡ ᠶᠢ ᠣᠯᠠᠨ ᠵᠦᠢᠯ ᠤᠨ ᠠᠷᠭ᠎ᠠ ᠪᠠᠷᠢᠯ ᠢᠶᠠᠷ ᠬᠠᠷᠢᠴᠠᠭᠰᠠᠨ ᠴᠦ ᠬᠤᠯᠪᠤᠭ᠎ᠠ ᠠᠪᠴᠤ ᠳᠡᠶᠢᠯᠦᠭᠰᠡᠨ ᠦᠭᠡᠢ ᠪᠤᠶᠤ ᠡᠰᠡᠬᠦᠯ᠎ᠡ ᠲᠤᠭ᠎ᠠ ᠪᠠᠷᠢᠮᠲᠠ ᠶᠢ ᠨᠥᠬᠦᠨ ᠲᠡᠮᠳᠡᠭᠯᠡᠬᠦ ᠳᠤ ᠬᠠᠮᠵᠢᠯᠴᠠᠬᠤ  ᠦᠭᠡᠢ  ᠪᠠᠶᠢᠪᠠᠯ  ᠠᠯᠪᠠᠨ ᠵᠠᠷ  ᠨᠡᠶᠢᠲᠡᠯᠡᠵᠦ ᠬᠦᠴᠦᠨ ᠦᠭᠡᠢ  ᠪᠣᠯᠭᠠᠪᠠ᠃      ︽ᠵᠠᠮ ᠲᠡᠭᠡᠭᠡᠪᠦᠷᠢ ᠶᠢᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠲᠢᠭᠯᠡᠭᠦ ᠠᠵᠢᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨᠴᠢ  ᠪᠠᠷ ᠵᠠᠳᠠᠯᠤᠨ ᠰᠤᠳᠤᠯᠵᠤ ᠮᠠᠭᠠᠳᠯᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠵᠠᠮ ᠲᠡᠭᠡᠭᠡᠪᠦᠷᠢ ᠶᠢᠨ ᠡᠵᠡᠩᠨᠡᠯᠲᠡ ᠪᠣᠯᠣᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠳᠤ ᠠᠰᠢᠭᠲᠠᠢ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号