ᠮᠠᠨ ᠤ ᠣᠷᠣᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠰᠤᠯᠠ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠬᠤ ᠠᠵᠢᠯ ᠤᠨ ᠣᠨ ᠤ ᠡᠭᠦᠷᠭᠡ ᠪᠠᠨ ᠤᠷᠢᠳᠴᠢᠯᠠᠨ ᠪᠡᠶᠡᠯᠡᠭᠦᠯᠵᠡᠢ
ᠨᠡᠶᠢᠲᠡᠯᠡᠭᠰᠡᠨ ᠴᠠᠭ᠄
2023/12/13
     ᠰᠤᠷᠪᠤᠯᠵᠢᠯᠠᠬᠴᠢ ᠣᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂  11 ᠰᠠᠷ᠎ᠠ ᠶᠢᠨ ᠰᠡᠭᠦᠯᠴᠢ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ 2023 ᠣᠨ ᠤ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ᠂ ᠰᠤᠯᠠ  ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ  ᠪᠠᠶᠢᠴᠠᠭᠠᠬᠤ  ᠬᠠᠷᠠᠯᠲᠠ ᠡᠭᠦᠷᠭᠡ ᠪᠠᠨ ᠤᠷᠢᠳᠴᠢᠯᠠᠨ ᠪᠡᠶᠡᠯᠡᠭᠦᠯᠵᠦ᠂ ᠪᠦᠭᠦ ᠣᠷᠣᠨ ᠤ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠩᠭᠡᠭᠡᠭᠰᠡᠨ ᠲᠠᠯᠠᠪᠠᠶ 13.6ᠲᠦᠮᠡᠨ ᠮᠦ ᠳᠤ ᠬᠦᠷᠴᠦ᠂  ᠵᠢᠯ ᠤᠨ 13.54 ᠲᠦᠮᠡᠨ ᠮᠦ ᠶᠢᠨ ᠡᠭᠦᠷᠭᠡ ᠶᠢ 100.4% ᠪᠠᠷ ᠪᠡᠶᠡᠯᠡᠭᠦᠯᠵᠠᠢ;  ᠪᠦᠭᠦ ᠣᠷᠣᠨ ᠤ ᠰᠤᠯᠠ  ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ ᠲᠠᠯᠠᠪᠠᠶ 6.54 ᠲᠦᠮᠡᠨ ᠮᠦ ᠳᠤ ᠬᠦᠷᠴᠦ᠂  ᠵᠢᠯ ᠤᠨ 6.29 ᠲᠦᠮᠡᠨ ᠮᠦ ᠶᠢᠨ ᠰᠢᠢᠳᠪᠦᠷᠢᠯᠡᠬᠦ ᠡᠭᠦᠷᠭᠡ ᠶᠢ 104.1% ᠪᠠᠷ ᠪᠡᠶᠡᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ︽ᠨᠢᠭᠡ ᠭᠠᠵᠠᠷ ᠣᠷᠣᠨ ᠳᠤ ᠨᠢᠭᠡ ᠪᠣᠳᠣᠯᠭ᠎ᠠ ᠬᠡᠷᠡᠭᠵᠢᠭᠦᠯᠬᠦ︾ᠡᠬᠡ ᠲᠠᠩᠰᠠ ᠪᠠ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠬᠦ ᠡᠬᠡ ᠲᠠᠩᠰᠠ ᠶᠢᠨ ᠵᠠᠭᠪᠤᠷ ᠢ ᠲᠣᠭᠲᠠᠭᠠᠵᠤ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠠᠭᠯᠠᠨ ᠮᠡᠳᠡᠭᠦᠯᠵᠦ᠂ ᠭᠠᠵᠠᠷ ᠪᠣᠯᠭᠠᠨ ᠢ ᠴᠥᠮ ᠬᠠᠨᠳᠤᠯᠭᠠᠲᠤ ᠴᠢᠨᠠᠷᠲᠠᠢ ᠪᠠᠷ ᠰᠢᠩᠭᠡᠭᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠲᠠᠢ ᠪᠠᠶᠢᠬᠤ ᠶᠢ ᠦᠨᠡᠨ ᠬᠦ ᠪᠠᠲᠤᠯᠠᠵᠠᠢ᠃ ᠡᠨᠡ ᠵᠢᠯ ︽ᠨᠢᠭᠡ ᠭᠠᠵᠠᠷ ᠣᠷᠣᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠡᠬᠡ ᠲᠠᠩᠰᠠ ᠳᠤ ᠴᠢᠭᠯᠡᠭᠦᠯᠦᠨ ︽ᠡᠷᠭᠢᠨ ᠬᠠᠷᠠᠬᠤ︾ᠲᠤᠰᠬᠠᠢ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠪᠦᠲᠦᠮᠵᠢᠲᠡᠶ  ᠰᠢᠢᠳᠪᠦᠷᠢᠯᠡᠬᠦ ᠶᠢ ᠪᠠᠲᠤᠯᠠᠵᠠᠢ᠃      ᠪᠠᠰᠠ ᠰᠠᠷ᠎ᠠ ᠪᠠᠷ ᠲᠣᠬᠢᠷᠠᠭᠤᠯᠬᠤ ᠶᠢ ᠴᠢᠩᠭᠠᠳᠬᠠᠵᠤ᠂ ᠬᠢᠨᠠᠨ ᠵᠢᠯᠤᠭᠤᠳᠴᠤ ᠬᠠᠪᠰᠤᠷᠬᠤ ᠶᠢ ᠤᠶᠠᠯᠳᠤᠭᠤᠯᠬᠤ ᠶᠢ ᠪᠠᠷᠢᠮᠲᠠᠯᠠᠪᠠ᠃ ᠡᠭᠦᠨ ᠠᠴᠠ ᠭᠠᠳᠠᠨ᠎ᠠ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ᠂ ᠰᠤᠯᠠ  ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠬᠤ ᠠᠵᠢᠯ ᠤᠨ ᠵᠦᠭᠯᠡᠭᠦᠷ︾ ᠢ ᠲᠣᠭᠲᠠᠭᠠᠵᠤ᠂ ᠡᠯ᠎ᠡ ᠭᠠᠵᠠᠷ ᠤᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠰᠤᠯᠠ ᠪᠠᠶᠢᠭ᠎ᠠ ᠭᠠᠵᠠᠷ ᠰᠢᠷᠣᠢ ᠲᠤᠶᠢᠯᠪᠤᠷᠢᠲᠠᠢ ᠪᠠᠶᠢᠴᠠᠭᠠᠬᠤ ᠠᠵᠢᠯ ᠢ ᠨᠠᠩ ᠵᠢᠷᠤᠮᠵᠢᠯ ᠲᠠᠢ ᠥᠷᠨᠢᠭᠦᠯᠬᠦ ᠶᠢ ᠵᠢᠯᠣᠭᠤᠳᠴᠠᠢ᠃ ᠡᠭᠦᠨ ᠤ ᠬᠠᠮᠲᠤ᠂ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠬᠦᠴᠢᠷ ᠲᠦᠪᠡᠭᠲᠡᠢ ᠠᠰᠠᠭᠤᠳᠠᠯ ᠳᠤ ᠨᠢᠭᠡᠳ ᠨᠢᠭᠡ ᠪᠠᠷ ᠵᠠᠳᠠᠯᠤᠯᠲᠠ ᠬᠢᠵᠦ᠂ ᠪᠣᠳᠠᠲᠠᠢ ᠠᠷᠭ᠎ᠠ ᠬᠡᠮᠵᠢᠶ᠎ᠡ ᠳᠤᠷᠠᠳᠤᠨ᠂ ᠬᠤᠷᠢᠶᠠᠩᠭᠤᠶᠢᠯᠠᠭᠠᠳ ᠮᠠᠳᠠᠭ ᠲᠠᠢ ᠠᠰᠠᠭᠤᠳᠠᠯ ᠢ ᠬᠠᠷᠢᠭᠤᠯᠬᠤ ᠭᠠᠷ ᠳᠡᠪᠲᠡᠷ ᠪᠣᠯᠭᠠᠨ ᠡᠯ᠎ᠡ ᠠᠶᠢᠮᠠᠭ ᠬᠤᠲᠠ ᠳᠤ ᠲᠠᠷᠬᠠᠭᠠᠵᠤ ᠥᠭᠴᠡᠢ᠃      ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠷᠭᠦᠯᠵᠢᠯᠡᠨ ᠬᠦᠴᠦᠯᠡᠵᠦ᠂ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠰᠤᠯᠠ  ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠠᠷ᠎ᠠ ᠪᠠᠷ ᠲᠣᠬᠢᠷᠠᠭᠤᠯᠬᠤ ᠶᠢ ᠴᠢᠩᠭᠠᠳᠬᠠᠵᠤ᠂ ᠣᠨ ᠤ ᠡᠭᠦᠷᠭᠡ ᠪᠠᠨ ᠪᠡᠶᠡᠯᠡᠭᠦᠯᠦᠭᠡᠳᠦᠢ ᠠᠶᠢᠮᠠᠭ ᠬᠤᠲᠠ ᠶᠢ ᠭᠤᠣᠯᠳᠠᠯᠭ᠎ᠠ ᠲᠠᠢ ᠬᠢᠨᠠᠨ ᠵᠢᠯᠤᠭᠤᠳᠴᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠤᠯᠠᠮ ᠢᠶᠠᠷ ᠠᠮᠢᠳᠤᠯᠢᠭ ᠪᠤᠯᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠰᠤᠯᠠ  ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠦᠨᠡᠨ ᠬᠦ ᠬᠥᠳᠡᠯᠭᠡᠵᠦ᠂ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号