ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠤᠳᠤᠷᠢᠳᠤᠯᠭ᠎ᠠ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/12/14
     12 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠨᠠᠷ ᠮᠠᠨ ᠤ ᠰᠢᠶᠠᠨ ᠳᠤ ᠬᠦᠷᠴᠦ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠱᠣᠸ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      ᠭᠦᠸᠧ ᠵᠠᠨ ᠵᠢᠶᠠᠩ ᠨᠠᠷ ᠡᠩ ᠲᠡᠷᠢᠭᠦᠨ ᠳᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠲᠣᠭᠤᠷᠢᠭ᠂ ᠶᠢᠨ ᠰᠠᠨ ᠵᠢᠶᠥᠥ ᠠᠵᠤ ᠦᠢᠯᠡᠰ ᠤᠨ ᠬᠦᠷᠢᠶᠡᠯᠡᠩ ᠤᠨ ᠦᠵᠡᠭᠦᠯᠦᠯᠭᠡ ᠶᠢᠨ ᠣᠷᠳᠣᠨ ᠳᠤ ᠬᠦᠷᠴᠦ᠂ ᠮᠠᠨ ᠤ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠮᠠᠨ ᠤ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠣᠳᠣᠬᠢ ᠪᠠᠶᠢᠳᠠᠯ ᠢ ᠰᠣᠨᠣᠰᠴᠤ᠂ ᠲᠠᠷᠠᠭ᠎ᠠ ᠪᠠᠷ ᠨᠢ ᠲᠤᠰ ᠲᠤᠰ ᠶᠠᠨ ᠴᠤᠸᠠᠨ ᠶᠤᠸᠠᠨ ᠭᠤᠯᠢᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠯᠢᠤᠢ ᠬᠡᠸ᠋ ᠰᠦ ᠶᠢᠨ ᠦᠢᠯᠡᠰ᠂ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠦᠢᠯᠡᠳᠬᠦᠨ ᠤ ᠦᠷᠳᠡᠭ ᠤᠨ ᠦᠷ᠎ᠡ ᠠᠰᠢᠭ᠂ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠭᠦᠢᠴᠡᠳ ᠨᠤᠲᠠᠯᠠᠭᠰᠠᠨ ᠪᠥᠭᠡᠳ ᠢᠷᠡᠭᠡᠳᠦᠢ ᠶᠢᠨ ᠬᠥᠭᠵᠢᠯᠲᠡ ᠳᠤ ᠪᠦᠲᠦᠭᠡᠯᠴᠢ ᠴᠢᠨᠠᠷᠲᠠᠢ᠂ ᠵᠢᠯᠤᠭᠤᠳᠬᠤ ᠴᠢᠨᠠᠷᠲᠠᠢ ᠰᠠᠨᠠᠭᠤᠯᠭ᠎ᠠ ᠬᠠᠩᠭᠠᠭᠰᠠᠨ ᠪᠠᠶᠢᠨ᠎ᠠ᠃      ᠭᠦᠸᠧ ᠵᠠᠨ ᠵᠢᠶᠠᠩ ᠴᠢᠬᠤᠯᠠᠴᠢᠯᠠᠬᠤ ᠳᠠᠭᠠᠨ᠂ ᠦᠴᠦᠸᠠᠨ ᠰᠢᠶᠠᠨ ᠳᠤ ᠣᠯᠠᠨ ᠠᠴᠠ ᠣᠨᠴᠠᠭᠠᠶ ᠭᠠᠵᠠᠷ ᠵᠦᠢ ᠶᠢᠨ ᠪᠠᠶᠢᠷᠢᠯᠠᠯ ᠪᠠ ᠠᠭᠤᠷ ᠠᠮᠢᠰᠬᠤᠯ ᠤᠨ ᠨᠥᠬᠦᠴᠡᠯ ᠲᠠᠢ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠠᠢ ᠨᠢᠭᠲᠠ ᠤᠶᠠᠯᠳᠤᠭᠤᠯᠵᠤ᠂ ᠨᠠᠷᠢᠯᠢᠭ ᠡᠳ᠋ᠰᠢᠭᠦᠯᠬᠦ ᠳᠤ ᠬᠦᠴᠦ ᠣᠷᠣᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ ᠨᠡᠷᠡᠲᠦ ᠲᠡᠮᠳᠡᠭ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠳᠡᠭᠡᠭᠰᠢᠯᠡᠯᠲᠡ᠂ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠵᠢᠴᠢ ᠨᠡᠷᠡᠲᠦ ᠲᠡᠮᠳᠡᠭᠴᠢᠯᠡᠭᠰᠡᠨ ᠡᠵᠡᠩᠨᠡᠯᠲᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠷᠡᠲᠦ ᠲᠡᠮᠳᠡᠭ᠂ ᠪᠣᠭᠤᠳᠠᠯ ᠪᠠᠭᠯᠠᠭ᠎ᠠ᠂ ᠤᠬᠠᠭᠤᠯᠭ᠎ᠠ᠂ ᠪᠣᠷᠤᠯᠠᠭᠤᠯᠭ᠎ᠠ ᠶᠢᠨ ᠲᠠᠯ᠎ᠠ  ᠪᠠᠷ ᠭᠦᠢᠴᠡᠳ ᠬᠦᠴᠦ ᠣᠷᠣᠭᠤᠯᠵᠤ᠂ ᠥᠨᠳᠦᠷᠯᠢᠭ ᠤᠨ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠨᠡᠭᠡᠭᠡᠨ ᠬᠥᠭᠵᠢᠭᠦᠯᠵᠦ᠂ ᠦᠴᠦᠸᠠᠨ ᠰᠢᠶᠠᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠨᠢᠭᠡ ᠴᠣᠭᠴᠠᠲᠤ ᠮᠠᠶ᠋ᠢᠭ ᠤᠨ ᠪᠣᠷᠤᠯᠠᠭᠤᠯᠭ᠎ᠠ ᠶᠢᠨ ᠵᠠᠭᠪᠤᠷ ᠢ ᠢᠳᠡᠪᠬᠢᠲᠡᠢ ᠪᠠᠷ ᠪᠣᠶ ᠪᠣᠯᠭᠠᠵᠤ᠂ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠠᠵᠢᠯᠯᠠᠭ᠎ᠠ ᠳᠤ ᠲᠦᠰᠢᠭᠯᠡᠨ ᠣᠯᠠᠨ ᠠᠷᠭ᠎ᠠ ᠮᠠᠶ᠋ᠢᠭ ᠢᠶᠠᠷ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号