︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/12/15
               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ  ᠮᠠᠲ᠋ᠧᠷᠢᠶᠠᠯ            ᠥᠪᠥᠷ ᠵᠠᠰᠠᠭ ᠠᠯᠪᠠᠨ ᠲᠠᠷᠬᠠᠭᠠᠭᠰᠠᠨ ﹇2023﹈ 12 ᠳ᠋ᠤᠭᠠᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                           2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ                                               ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠮᠤ ᠪᠤᠳᠠᠭ᠎ᠠ ᠬᠤᠳᠠᠯᠳᠤᠨ ᠠᠪᠬᠤ ᠡᠮᠬᠢ ᠵᠢᠷᠤᠮ ᠢ ᠦᠨᠡᠨ ᠬᠦ ᠬᠠᠮᠠᠭᠠᠯᠠᠨ᠂ ᠠᠮᠤ ᠪᠤᠳᠠᠭᠠᠨ ᠤ ᠦᠢᠯᠡᠳᠪᠦᠷᠢᠯᠡᠭᠴᠢ᠂ ᠬᠤᠳᠠᠯᠳᠤᠨ ᠠᠪᠤᠭᠴᠢ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠠᠷᠠᠭᠠᠨ ᠳᠤ ᠠᠮᠤ ᠪᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠪᠠᠶᠢᠭᠠᠯᠢ ᠬᠥᠮᠥᠨ᠂ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ︵ᠳᠣᠷᠣᠭᠰᠢ ᠠᠮᠤ ᠪᠤᠳᠠᠭᠠᠨ ᠤ ᠬᠤᠳᠠᠯᠳᠤᠨ ᠠᠪᠤᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠣᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ᠃      ᠲᠣᠰ ᠠᠷᠭ᠎ᠠ ᠳᠤ ᠶᠠᠷᠢᠵᠤ ᠪᠠᠶᠢᠭ᠎ᠠ ᠠᠮᠤ ᠪᠤᠳᠠᠭ᠎ᠠ ᠭᠡᠳᠡᠭ ᠨᠢ ᠪᠤᠭᠤᠳᠠᠢ᠂ ᠲᠤᠲᠤᠷᠭ᠎ᠠ᠂ ᠡᠷᠳᠡᠨᠢ ᠰᠢᠰᠢ᠂ ᠡᠯᠳᠡᠪ ᠠᠮᠤ ᠵᠢᠴᠢ ᠴᠠᠶᠢᠯᠭᠠᠭᠰᠠᠨ ᠠᠮᠤ ᠶᠢ ᠵᠢᠭᠠᠵᠤ ᠪᠣᠢ᠃      ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠭᠡᠳᠡᠭ ᠨᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠨ᠂ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠪᠤᠶᠤ ᠠᠮᠤ ᠪᠤᠳᠠᠭᠠᠨ ᠤ ᠡᠷᠬᠢᠯᠡᠨ ᠡᠵᠡᠩᠨᠡᠭᠴᠢ᠂ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠶᠢᠨ ᠪᠥᠭᠡᠮ ᠢᠶᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠭᠠᠵᠤ ᠪᠣᠢ᠃      ᠠᠮᠤ ᠪᠤᠳᠠᠭᠠᠨ ᠤ ᠡᠷᠬᠢᠯᠡᠨ ᠡᠵᠡᠩᠨᠡᠭᠴᠢ ᠭᠡᠳᠡᠭ ᠨᠢ ᠬᠤᠪᠢ ᠬᠥᠮᠥᠨ ᠪᠤᠶᠤ ᠭᠡᠷ ᠪᠦᠯᠢ ᠪᠠᠷ ᠡᠵᠡᠩᠨᠡᠯᠲᠡ ᠶᠢᠨ ᠭᠤᠣᠯ ᠴᠣᠭᠴᠠ ᠪᠣᠯᠭᠠᠵᠤ ᠰᠢᠭᠤᠳ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠨ᠂ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ᠂ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠪᠥᠭᠡᠮ ᠢᠶᠠᠷ ᠠᠮᠤ ᠪᠤᠳᠠᠭ᠎ᠠ ᠬᠤᠳᠠᠯᠳᠤᠨ ᠠᠪᠳᠠᠭ ᠡᠵᠡᠩᠨᠡᠭᠴᠢ ᠶᠢ ᠵᠢᠭᠠᠵᠤ ᠪᠣᠢ᠃      ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ᠂ ᠲᠥᠪ ᠭᠤᠣᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠵᠤ᠂ ᠠᠮᠤ ᠪᠤᠳᠠᠭ᠎ᠠ ᠦᠢᠯᠡᠳᠪᠦᠷᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠃      ᠭᠤᠣᠯ ᠴᠣᠭᠴᠠ ᠶᠢᠨ ᠣᠯᠠᠨ ᠡᠰᠢᠵᠢᠭᠰᠡᠨ᠂ ᠭᠤᠣᠯᠴᠢ ᠨᠡᠭᠡᠭᠡᠯᠲᠡ ᠲᠠᠢ᠂ ᠥᠷᠢᠰᠦᠯᠳᠦᠭᠡᠨ ᠨᠢ ᠡᠮᠬᠢ ᠵᠢᠷᠤᠮ ᠲᠠᠢ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ ᠴᠣᠭᠴᠠᠯᠠᠬᠤ ᠶᠢ ᠵᠣᠷᠢᠭᠵᠢᠭᠤᠯᠬᠤ ᠶᠢᠨ ᠬᠠᠮᠲᠤ᠂ ᠪᠦᠲᠦᠮᠵᠢᠲᠡᠢ ᠠᠷᠭ᠎ᠠ ᠠᠪᠴᠤ ᠪᠠᠶᠢᠭᠠᠳ ᠠᠮᠤ ᠪᠤᠳᠠᠭ᠎ᠠ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠪᠠ ᠪᠠᠭᠠᠰᠬᠠᠨ᠎ᠠ᠃      ᠲᠠᠪᠤᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠣᠢ ᠪᠣᠯᠭᠠᠵᠤ᠂ ᠲᠠᠷᠢᠶᠠᠴᠢᠨ ᠪᠣᠯᠣᠨ ᠠᠵᠤ ᠠᠬᠤᠶᠢᠯᠠᠯ ᠳᠤ ᠦᠢᠯᠡᠴᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯᠯᠠᠭ᠎ᠠ ᠳᠤ ᠪᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠪᠤᠰᠤ ᠠᠷᠭ᠎ᠠ ᠪᠠᠷᠢᠯ ᠢᠶᠠᠷ ᠠᠮᠤ ᠪᠤᠳᠠᠭᠠᠨ ᠤ ᠴᠢᠯᠦᠭᠡᠲᠡᠢ ᠭᠦᠢᠯᠭᠡᠭᠡᠨ ᠢ ᠬᠠᠷᠰᠢᠯᠠᠬᠤ ᠶᠢ ᠡᠷᠡᠰ ᠴᠠᠭᠠᠵᠠᠯᠠᠨ᠎ᠠ᠃ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠥᠨᠥᠭᠡᠵᠦ ᠪᠣᠯᠬᠤ ᠦᠭᠡᠢ᠃      ᠵᠢᠷᠭᠤᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃      ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠠᠯᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠠᠮᠤ ᠪᠤᠳᠠᠭ᠎ᠠ ᠬᠤᠳᠠᠯᠳᠤᠨ ᠠᠪᠬᠤ ᠶᠢᠨ ᠬᠠᠮᠢᠶ᠎ᠠ ᠪᠦᠬᠦᠢ ᠵᠣᠬᠢᠴᠠᠯᠳᠤᠭᠤᠯᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠬᠤᠶᠠᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ      ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ︽ᠢᠯᠡ ᠪᠠᠶᠢᠯᠭᠠᠬᠤ᠂ ᠲᠥᠪ ᠴᠢᠬᠡᠴᠢ᠂ ᠲᠥᠪ ᠭᠤᠣᠯᠴᠢ᠂ ᠠᠷᠠᠳ ᠲᠤ ᠳᠥᠭᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠤᠶᠠᠨ ᠬᠠᠳᠠᠨ ᠮᠥᠷᠲᠡᠭᠡᠨ ᠥᠨᠳᠥᠷ ᠪᠦᠲᠦᠮᠵᠢᠲᠡᠢ︾ ︽ᠬᠡᠨ ᠪᠦᠷᠢᠳᠬᠡᠨ ᠳᠠᠩᠰᠠᠯᠠᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠢ ᠪᠠᠷᠢᠮᠲᠠᠯᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠤᠨ᠎ᠠ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶᠠᠲᠤ ᠣᠷᠣᠨ᠋ ᠳᠠᠬᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠨ᠎ᠠ᠃      ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠬᠠᠷᠢᠶᠠᠲᠤ ᠣᠷᠣᠨ ᠳᠠᠬᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠪᠠ ᠬᠤᠪᠢᠷᠠᠭᠠᠬᠤ ᠠᠵᠢᠯ ᠢ ᠲᠤᠬᠠᠢ ᠶᠢᠨ ᠲᠠᠯᠠᠪᠠᠢ᠂ ᠰᠦᠯᠵᠢᠶᠡᠨ ᠳᠤ ᠪᠦᠷᠢᠳᠬᠡᠨ ᠳᠠᠩᠰᠠᠯᠠᠬᠤ ᠵᠢᠴᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠵᠡᠷᠭᠡ ᠣᠯᠡᠨ ᠵᠦᠢᠯ ᠤᠨ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃      ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠷᠢᠳᠬᠡᠨ ᠳᠠᠩᠰᠠᠯᠠᠬᠤ ᠠᠷᠭ᠎ᠠ ᠬᠡᠯᠪᠡᠷᠢ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠵᠦ᠂ ᠲᠡᠭᠦᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠪᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠵᠦᠢᠯᠡᠰ ᠤᠨ ᠦᠢᠯᠡᠴᠢᠯᠡᠭᠡᠨ ᠤ ᠵᠦᠭᠯᠡᠭᠦᠷ᠂ ᠭᠦᠢᠴᠡᠳᠬᠡᠬᠦ ᠴᠤᠪᠤᠷᠠᠯ ᠵᠡᠷᠭᠡ ᠶᠢ ᠨᠡᠶᠢᠲᠡ ᠳᠤ ᠵᠠᠷᠯᠠᠵᠤ᠂ ᠬᠤᠯᠪᠣᠭᠳᠠᠯ ᠪᠦᠬᠦᠢ ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠲᠠᠭᠯᠠᠬᠤ ᠶᠢᠨ ᠦᠯᠢᠭᠡᠷ ᠪᠢᠴᠢᠭ ᠰᠡᠯᠲᠡ ᠶᠢ ᠬᠠᠩᠭᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠠᠮᠤ ᠪᠤᠳᠠᠭ᠎ᠠ ᠬᠤᠳᠠᠯᠳᠤᠨ ᠠᠪᠬᠤ ᠶᠢᠨ ᠪᠦᠷᠢᠳᠬᠡᠨ ᠳᠠᠩᠰᠠᠯᠠᠬᠤ ᠲᠠᠢ ᠬᠠᠮᠢᠶ᠎ᠠ ᠦᠭᠡᠢ ᠮᠠᠲ᠋ᠧᠷᠢᠶᠠᠯ ᠬᠠᠩᠭᠠᠬᠤ ᠪᠠᠷ ᠱᠠᠭᠠᠷᠳᠠᠵᠤ ᠪᠣᠯᠬᠤ ᠦᠭᠡᠢ᠃      ᠠᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠬᠦ ᠳᠤ ᠪᠠᠨ ᠶᠠᠮᠠᠷ ᠴᠦ ᠰᠦᠢᠳᠬᠡᠯ ᠬᠤᠷᠢᠶᠠᠵᠤ ᠪᠣᠯᠬᠤ ᠦᠭᠡᠢ᠂ ᠪᠤᠰᠤᠳ ᠠᠴᠠ ᠡᠳ᠋ ᠪᠣᠳᠠᠰ ᠨᠡᠬᠡᠬᠦ ᠪᠤᠶᠤ ᠬᠦᠯᠢᠶᠡᠨ ᠠᠪᠴᠤ ᠪᠣᠯᠬᠤ ᠦᠭᠡᠢ᠂ ᠵᠦᠢ ᠪᠤᠰᠤ ᠠᠰᠢᠭ ᠲᠤᠰᠠ ᠶᠢᠨ ᠬᠤᠶᠢᠨ᠎ᠠ ᠠᠴᠠ ᠬᠥᠭᠡᠭᠡᠴᠡᠯᠳᠦᠵᠦ ᠪᠣᠯᠬᠤ ᠦᠭᠡᠢ᠃      ᠠᠷᠪᠠᠨ ᠨᠢᠭᠡᠳᠦᠭᠡᠷ ᠵᠦᠢᠯ  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠬᠠᠮᠢᠶᠠᠷᠬᠤ ᠳᠦᠷᠢᠮ︾ ᠵᠡᠷᠭᠡ ᠶᠢᠨ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠤᠨ ᠲᠡᠮᠳᠡᠭᠯᠡᠬᠦ ᠠᠵᠢᠯ ᠢ ᠭᠦᠢᠴᠡᠳᠬᠡᠬᠦ ᠮᠥᠷᠲᠡᠭᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠨᠢ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠨᠡᠷᠡᠶᠢᠳᠦᠯ᠂ ᠬᠠᠶ᠋ᠢᠭ᠂ ᠬᠠᠷᠢᠭᠤᠴᠠᠯᠭᠠᠲᠠᠨ ᠵᠢᠴᠢ ᠬᠥᠮᠥᠷᠭᠡᠯᠡᠬᠦ ᠪᠡᠯᠡᠳᠬᠡᠮᠵᠢ ᠵᠡᠷᠭᠡ ᠮᠡᠳᠡᠭᠡ ᠵᠠᠩᠭᠢ ᠪᠠᠨ ᠪᠦᠷᠢᠳᠬᠡᠨ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠃ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠨᠢ ᠬᠤᠪᠢᠷᠠᠯᠲᠠ ᠭᠠᠷᠪᠠᠯ ᠴᠠᠭ ᠲᠤᠬᠠᠢ ᠳᠤ ᠨᠢ ᠬᠤᠪᠢᠷᠠᠭᠤᠯᠤᠨ ᠳᠠᠩᠰᠠᠯᠠᠭᠤᠯᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ  ᠨᠡᠭᠡᠭᠡᠯᠲᠡ ᠶᠢᠨ ᠲᠣᠭᠤᠷᠢᠭ ᠵᠡᠷᠭᠡ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠥᠷᠨᠢᠭᠦᠯᠵᠦ ᠪᠣᠯᠬᠤ ᠦᠭᠡᠢ ᠶᠢ ᠨᠢ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠭᠡᠭᠡᠯᠲᠡ ᠶᠢᠨ ᠲᠣᠭᠤᠷᠢᠭ ᠵᠡᠷᠭᠡ ᠶᠢᠨ ᠪᠠᠶᠢᠭ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠣᠶᠢᠷ᠎ᠠ ᠬᠠᠪᠢ ᠶᠢᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠭᠦᠢᠴᠡᠳᠬᠡᠯᠭᠡᠨ᠂ ᠵᠠᠷᠴᠢᠮ ᠳᠡᠭᠡᠷ᠎ᠡ ᠪᠠᠨ ᠠᠳᠠᠯᠢ ᠨᠢᠭᠡᠨ ᠣᠷᠣᠨ ᠬᠡᠪᠴᠢᠶᠡᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠤ ᠠᠳᠠᠯᠢ ᠨᠢᠭᠡᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠬᠤ ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠯᠭᠡᠨ᠎ᠡ᠃      ᠠᠷᠪᠠᠨ ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠣᠣᠷᠠᠬᠢ ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠲᠤᠰᠢᠶᠠᠬᠤ ᠴᠢᠬᠤᠯᠠᠲᠠᠢ᠄      ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠬᠤ ᠮᠡᠳᠡᠭᠡ ᠵᠠᠩᠭᠢ ᠶᠢᠨ ᠬᠦᠰᠦᠨᠦᠭᠲᠦ︾︔      ︵ᠬᠤᠶᠠᠷ︶ ᠡᠵᠡᠩᠨᠡᠯᠲᠡ ᠶᠢᠨ ᠦᠨᠡᠮᠯᠡᠯ ︵ᠪᠠᠭᠤᠯᠭᠠᠪᠤᠷᠢ︶︔      ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ︵ᠪᠠᠭᠤᠯᠭᠠᠪᠤᠷᠢ︶︔      ︵ᠳᠥᠷᠪᠡ︶ ᠨᠥᠭᠡᠴᠡᠯᠡᠬᠦ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠭᠡᠷᠡᠴᠢ ︵ᠪᠠᠭᠤᠯᠭᠠᠪᠤᠷᠢ︶ ᠪᠤᠶᠤ ᠬᠦᠴᠦᠨ ᠪᠦᠬᠦᠢ ᠲᠦᠷᠢᠶᠡᠰᠦᠯᠡᠬᠦ ᠭᠡᠷ᠎ᠡ ︵ᠪᠠᠭᠤᠯᠭᠠᠪᠤᠷᠢ︶ ᠵᠡᠷᠭᠡ︔      ᠰᠠᠯᠠᠭ᠎ᠠ ᠮᠥᠴᠢᠷ ᠬᠤᠭᠤᠷᠣᠨᠳᠤ ᠪᠠᠨ ᠭᠤᠶᠤᠴᠢᠯᠠᠬᠤ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠪᠡᠶᠡᠯᠡᠭᠦᠯᠦᠭᠰᠡᠨ ᠪᠣᠯ ᠬᠠᠩᠭᠠᠬᠤ ᠦᠭᠡᠢ ᠪᠠᠶᠢᠵᠤ ᠪᠣᠯᠣᠨ᠎ᠠ᠃      ᠠᠷᠪᠠᠨ ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠤ ᠪᠦᠷᠢᠳᠬᠡᠨ ᠳᠠᠩᠰᠠᠯᠠᠬᠤ ᠪᠠᠨ ᠪᠡᠶᠡᠯᠡᠭᠦᠯᠦᠭᠰᠡᠨ ᠪᠠᠶᠢᠬᠤ ᠬᠡᠷᠡᠭᠲᠡᠢ᠃      ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠶᠢᠨ ᠠᠯᠢ ᠨᠢᠭᠡᠨ ᠵᠦᠢᠯ ᠳᠤ ᠬᠤᠪᠢᠷᠠᠯᠲᠠ ᠭᠠᠷᠪᠠᠯ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ ᠠᠴᠠ ᠡᠮᠦᠨ᠎ᠡ ᠪᠦᠷᠢᠳᠬᠡᠨ ᠳᠠᠩᠰᠠᠯᠠᠭᠰᠠᠨ ᠢᠶᠠᠨ ᠬᠤᠪᠢᠷᠠᠭᠠᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ  ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠲᠤᠰᠢᠶᠠᠭᠰᠠᠨ ᠪᠦᠷᠢᠳᠬᠡᠨ ᠳᠠᠩᠰᠠᠯᠠᠭᠤᠯᠬᠤ ︵ᠬᠤᠪᠢᠷᠠᠭᠠᠬᠤ︶ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠲᠤᠰᠢᠶᠠᠭᠰᠠᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃      ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠳᠤ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠲᠠᠭᠯᠠᠭᠰᠠᠨ ᠮᠡᠳᠡᠭᠡ ᠵᠠᠩᠭᠢ ᠠᠯᠳᠠᠭ᠎ᠠ ᠦᠭᠡᠢ ᠪᠣᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ 11 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠂ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠰᠠᠨ ᠬᠦᠰᠦᠨᠦᠭᠲᠦ︾᠎ ᠶᠢ ᠭᠠᠷᠭᠠᠵᠤ ᠥᠭᠬᠦ ᠬᠡᠷᠡᠭᠲᠡᠢ᠃      ᠲᠤᠬᠠᠢ ᠶᠢᠨ ᠲᠠᠯᠠᠪᠠᠢ ᠳᠤ ᠭᠤᠶᠤᠴᠢᠯᠠᠭᠰᠠᠨ ᠦᠭᠡᠢ ᠶᠢ ᠨᠢ ᠪᠦᠷᠢᠳᠬᠡᠨ ᠳᠠᠩᠰᠠᠯᠠᠯᠲᠠ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ ᠳᠠᠩᠰᠠᠯᠠᠬᠤ ︵ᠬᠤᠪᠢᠷᠠᠭᠠᠬᠤ︶᠎ ᠶᠢ ᠪᠡᠶᠡᠯᠡᠭᠦᠯᠬᠦ ᠬᠡᠷᠡᠭᠲᠡᠢ᠃ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠰᠠᠨ ︵ᠬᠤᠪᠢᠷᠠᠭᠠᠭᠰᠠᠨ︶᠎ ᠤ ᠬᠤᠶᠢᠨ᠎ᠠ᠂ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠭᠰᠠᠨ ᠬᠦᠰᠦᠨᠦᠭᠲᠦ︾᠎ ᠪᠠᠨ ᠬᠠᠷᠢᠭᠤ ᠲᠤᠰᠬᠠᠬᠤ ᠬᠡᠷᠡᠭᠲᠡᠢ᠃      ᠮᠠᠲ᠋ᠧᠷᠢᠶᠠᠯ ᠨᠢ ᠪᠦᠷᠢᠨ ᠪᠤᠰᠤ᠂ ᠲᠠᠭᠯᠠᠭᠰᠠᠨ ᠮᠡᠳᠡᠭᠡ ᠵᠠᠩᠭᠢ ᠨᠢ ᠠᠯᠳᠠᠭ᠎ᠠ ᠲᠠᠢ ᠪᠣᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠤᠯᠬᠤ ᠠᠵᠤ ᠠᠬᠤᠶᠢᠯᠠᠯ ᠳᠤ ᠨᠥᠬᠦᠪᠦᠷᠢᠯᠡᠵᠦ ᠵᠠᠯᠠᠷᠠᠭᠤᠯᠬᠤ ᠪᠥᠬᠦ ᠠᠭᠤᠯᠭ᠎ᠠ ᠶᠢ ᠨᠢᠭᠡ ᠯᠡ ᠤᠳᠠᠭᠠᠨ ᠳᠤ ᠮᠡᠳᠡᠭᠳᠡᠬᠦ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ ᠴᠠᠭ ᠲᠤᠬᠠᠢ ᠳᠤ ᠨᠢ ᠪᠦᠷᠢᠳᠬᠡᠨ ᠳᠠᠩᠰᠠᠯᠠᠭᠰᠠᠨ ᠨᠣᠮᠧᠷ ᠢ ᠪᠣᠢ ᠪᠣᠯᠭᠠᠵᠤ᠂ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠳᠤ ᠨᠢ ᠬᠤᠪᠢᠷᠠᠯᠲᠠ ᠭᠠᠷᠤᠭᠰᠠᠨ ᠤ ᠤᠤᠯ ᠤᠨ ᠪᠦᠷᠢᠳᠬᠡᠨ ᠳᠠᠩᠰᠠᠯᠠᠭᠰᠠᠨ ᠨᠣᠮᠧᠷ ᠢ ᠨᠢ ᠬᠤᠪᠢᠷᠠᠭᠤᠯᠬᠤ ᠦᠭᠡᠢ᠃      ᠠᠷᠪᠠᠨ ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠤᠭᠰᠠᠨ ᠪᠥᠬᠦ ᠮᠠᠲ᠋ᠧᠷᠢᠶᠠᠯ ᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃      ᠭᠤᠷᠪᠠᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭᠠᠨ ᠤ ᠵᠢᠷᠤᠮᠵᠢᠯ      ᠠᠷᠪᠠᠨ ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠲᠡᠭᠦᠨ ᠤ ᠬᠤᠳᠠᠯᠳᠤᠨ ᠠᠪᠬᠤ ᠠᠮᠤ ᠪᠤᠳᠠᠭᠠᠨ ᠤ ᠲᠥᠷᠥᠯ ᠵᠦᠢᠯ᠂ ᠲᠤᠭ᠎ᠠ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠨᠥᠭᠡᠴᠡᠯᠡᠬᠦ ᠪᠡᠯᠡᠳᠬᠡᠮᠵᠢ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃      ᠠᠷᠪᠠ ᠶᠢᠰᠦᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠬᠡᠷᠡᠭᠯᠡᠵᠦ ᠪᠠᠶᠢᠭ᠎ᠠ ᠨᠥᠭᠡᠴᠡᠯᠡᠬᠦ ᠪᠡᠯᠡᠳᠬᠡᠮᠵᠢ ᠨᠢ ᠠᠮᠤ ᠪᠤᠳᠠᠭ᠎ᠠ ᠨᠥᠭᠡᠴᠡᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠵᠢᠴᠢ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠵᠤ᠂ ᠨᠥᠭᠡᠴᠡᠯᠡᠬᠦ ᠲᠥᠷᠥᠯ ᠵᠦᠢᠯ᠂ ᠬᠡᠪᠴᠢᠶ᠎ᠡ᠂ ᠦᠶᠡᠯᠡᠯ ᠵᠡᠷᠭᠡ ᠯᠦᠭᠡ ᠬᠠᠷᠢᠯᠴᠠᠨ ᠵᠣᠬᠢᠴᠠᠯᠳᠤᠭᠰᠠᠨ ᠨᠥᠭᠡᠴᠡᠯᠡᠬᠦ ᠨᠥᠬᠦᠴᠡᠯ ᠲᠠᠢ ᠪᠠᠶᠢᠵᠤ᠂ ᠠᠮᠤ ᠪᠤᠳᠠᠭᠠᠨ ᠤ ᠨᠥᠭᠡᠴᠡᠯᠡᠵᠦ ᠬᠠᠳᠠᠭᠠᠯᠠᠬᠤ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠢ᠃      ᠠᠮᠤ ᠪᠤᠳᠠᠭ᠎ᠠ ᠶᠢ ᠠᠮᠤ ᠪᠤᠳᠠᠭᠠᠨ ᠳᠤ ᠪᠣᠬᠢᠷᠲᠤᠯ ᠡᠭᠦᠰᠬᠡᠬᠦ ᠪᠣᠯᠣᠮᠵᠢ ᠲᠠᠢ ᠬᠤᠣᠷ ᠬᠥᠨᠥᠭᠡᠯᠳᠦ ᠪᠣᠳᠠᠰ ᠲᠠᠢ ᠬᠤᠯᠢᠯᠳᠤᠭᠤᠯᠤᠨ ᠨᠥᠭᠡᠴᠡᠯᠡᠵᠦ ᠪᠣᠯᠬᠤ ᠦᠭᠡᠢ᠂ ᠠᠮᠤ ᠪᠤᠳᠠᠭ᠎ᠠ ᠨᠥᠭᠡᠴᠡᠯᠡᠵᠦ ᠬᠠᠳᠠᠭᠠᠯᠠᠬᠤ ᠳᠤ ᠤᠯᠤᠰ ᠠᠴᠠ ᠬᠡᠷᠡᠭᠯᠡᠬᠦ ᠶᠢ ᠴᠠᠭᠠᠵᠠᠯᠠᠬᠤ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠬᠦ ᠪᠤᠶᠤ ᠬᠢᠮᠢ ᠶᠢᠨ ᠡᠮ ᠨᠠᠶᠢᠷᠠᠯᠭ᠎ᠠ ᠶᠢ ᠬᠡᠮᠵᠢᠶᠡᠨ ᠠᠴᠠ ᠨᠢ ᠳᠠᠪᠠᠭᠤᠯᠤᠨ ᠬᠡᠷᠡᠭᠯᠡᠵᠦ ᠪᠣᠯᠬᠤ ᠦᠭᠡᠢ᠃      ᠬᠤᠷᠢᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠵᠢᠴᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠣᠰᠣᠭᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠬᠡᠷᠡᠭᠲᠡᠢ᠃      ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠤᠨ ᠬᠤᠭᠤᠴᠠᠭᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠠᠮᠤ ᠪᠤᠳᠠᠭ᠎ᠠ ᠬᠤᠳᠠᠯᠳᠤᠭᠴᠢ ᠳᠤ ᠮᠡᠳᠡᠭᠳᠡᠬᠦ ᠪᠤᠶᠤ ᠬᠤᠳᠠᠯᠳᠤᠨ ᠠᠪᠬᠤ ᠭᠠᠵᠠᠷ ᠲᠤ ᠬᠤᠳᠠᠯᠳᠤᠨ ᠠᠪᠬᠤ ᠠᠮᠤ ᠪᠤᠳᠠᠭᠠᠨ ᠤ ᠲᠥᠷᠥᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠶᠢ ᠵᠠᠷᠯᠠᠨ ᠨᠡᠶᠢᠲᠡᠯᠡᠬᠦ ᠬᠡᠷᠡᠭᠲᠡᠢ᠃      ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠴᠢᠨᠠᠷ ᠢᠶᠠᠷ ᠦᠨ᠎ᠡ ᠬᠠᠶᠠᠯᠴᠠᠨ᠂ ᠲᠠᠷᠢᠶᠠᠴᠢᠨ ᠪᠠ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ︔ ᠠᠮᠤ ᠪᠤᠳᠠᠭ᠎ᠠ ᠬᠤᠳᠠᠯᠳᠤᠭᠴᠢ ᠳᠤ ᠴᠠᠭ ᠲᠤᠬᠠᠢ ᠳᠤ ᠨᠢ ᠠᠮᠤ ᠬᠤᠳᠠᠯᠳᠤᠭᠰᠠᠨ ᠵᠣᠭᠤᠰ ᠢ ᠨᠢ ᠥᠭᠴᠦ᠂ ᠥᠷᠢᠲᠦᠵᠦ ᠪᠣᠯᠬᠤ ᠦᠭᠡᠢ︔ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠨᠡᠶᠢᠳᠠᠯᠭ᠎ᠠ ᠶᠢ ᠬᠦᠯᠢᠶᠡᠵᠦ ᠶᠠᠮᠠᠷᠪᠠ ᠭᠠᠶᠢᠯᠢ᠂ ᠵᠠᠷᠤᠳᠠᠯ ᠪᠠ ᠪᠤᠰᠤᠳ ᠵᠣᠭᠤᠰᠤᠨ ᠤ ᠲᠥᠷᠥᠯ ᠢ ᠣᠷᠣᠯᠠᠨ ᠰᠠᠭᠤᠯᠭᠠᠵᠤ ᠣᠷᠣᠯᠠᠨ ᠲᠤᠰᠢᠶᠠᠵᠤ ᠪᠣᠯᠬᠤ ᠦᠭᠡᠢ︔ ᠮᠡᠬᠡᠯᠡᠨ ᠬᠢᠬᠠᠬᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠠᠮᠤ ᠪᠤᠳᠠᠭᠠᠨ ᠤ ᠦᠨ᠎ᠡ ᠬᠠᠩᠰᠢ ᠶᠢ ᠡᠵᠡᠮᠳᠡᠵᠦ ᠪᠣᠯᠬᠤ ᠦᠭᠡᠢ᠃      ᠬᠤᠷᠢᠨ ᠬᠤᠶᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠠᠮᠤ ᠪᠤᠳᠠᠭᠠᠨ ᠤ ᠡᠵᠡᠩᠨᠡᠯᠲᠡ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ᠂ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠴᠤ ᠣᠷᠣᠭᠤᠯᠤᠭᠰᠠᠨ᠂ ᠪᠣᠷᠣᠯᠠᠭᠤᠯᠤᠭᠰᠠᠨ᠂ ᠬᠥᠮᠥᠷᠭᠡ ᠶᠢᠨ ᠬᠠᠳᠠᠭᠠᠯᠠᠮᠵᠢ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠠᠮᠤ ᠪᠤᠳᠠᠭᠠᠨ ᠤ ᠡᠵᠡᠩᠨᠡᠯᠲᠡ ᠶᠢᠨ ᠡᠬᠡ ᠳᠠᠩᠰᠠ ᠪᠠᠨ ᠬᠠᠳᠠᠭᠠᠯᠠᠬᠤ ᠬᠤᠭᠤᠴᠠᠭ᠎ᠠ ᠬᠢᠵᠠᠭᠠᠷ ᠨᠢ 3 ᠵᠢᠯ ᠠᠴᠠ ᠳᠤᠲᠠᠭᠤ ᠪᠠᠶᠢᠵᠤ ᠪᠣᠯᠬᠤ ᠦᠭᠡᠢ᠃      ᠨᠢᠭᠤᠴᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠳᠠᠮᠵᠢᠭᠤᠯᠬᠤ᠂ ᠰᠢᠢᠳᠪᠦᠷᠢᠯᠡᠬᠦ᠂ ᠬᠠᠳᠠᠭᠠᠯᠠᠬᠤ ᠵᠡᠷᠭᠡ ᠳᠤ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠳᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ︔ ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠮᠠᠲ᠋ᠧᠷᠢᠶᠠᠯ ᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ‍ᠤᠨ᠋ ᠬᠢᠨ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃      ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ ᠳᠤ᠂ ᠬᠤᠳᠠᠯᠳᠤᠨ ᠠᠪᠬᠤ ᠭᠠᠵᠠᠷ ᠪᠠ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠠᠶᠢᠭ᠎ᠠ ᠰᠢᠶᠠᠨ  ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃      ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠬᠦ ᠳᠤ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠢ ᠪᠦᠷᠢᠳᠬᠡᠨ ᠪᠠᠶᠢᠴᠠᠭᠠᠬᠤ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃      ᠬᠤᠷᠢᠨ ᠳᠥᠷᠪᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠬᠤᠳᠠᠯᠳᠤᠨ ᠠᠪᠤᠭᠰᠠᠨ ᠪᠠᠷᠢᠮᠲᠠ ᠭᠠᠷᠭᠠᠵᠤ᠂ ᠡᠵᠡᠩᠨᠡᠯᠲᠡ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ᠂ ᠴᠠᠭ ᠲᠤᠬᠠᠢ ᠳᠤ ᠨᠢ ᠲᠡᠮᠳᠡᠭᠯᠡᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ  ᠤᠯᠤᠰ ᠤᠨ ᠥᠮᠴᠢᠯᠡᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠢᠳᠡᠪᠬᠢᠲᠡᠢ ᠪᠠᠷ ᠵᠠᠬ᠎ᠠ ᠳᠡᠯᠭᠡᠭᠦᠷ ᠲᠤ ᠣᠷᠣᠯᠴᠠᠨ ᠠᠮᠤ ᠪᠤᠳᠠᠭ᠎ᠠ ᠬᠤᠳᠠᠯᠳᠤᠨ ᠠᠪᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠶᠢ ᠳᠠᠭᠠᠬᠤ ᠪᠠ ᠲᠡᠭᠦᠨ ᠳᠤ ᠦᠢᠯᠡᠴᠢᠯᠡᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠵᠠᠰᠠᠭ ᠤᠨ ᠣᠷᠳᠣᠨ ᠨᠥᠭᠡᠴᠡᠯᠡᠬᠦ ᠪᠠᠷ ᠬᠤᠳᠠᠯᠳᠤᠨ ᠠᠪᠬᠤ ᠳᠤ ︽ᠵᠠᠰᠠᠭ ᠤᠨ ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠬᠥᠮᠥᠷᠭᠡᠯᠡᠬᠦ ᠬᠠᠮᠢᠶᠠᠷᠤᠯᠲᠠ ᠶᠢᠨ ᠠᠷᠭ᠎ᠠ︾ ︽ᠵᠠᠰᠠᠭ ᠤᠨ ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ᠃      ᠳᠥᠷᠪᠡᠳᠦᠭᠡᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ ᠤᠨ ᠬᠠᠮᠢᠶᠠᠷᠤᠯᠲᠠ      ᠬᠤᠷᠢᠨ ᠳᠣᠯᠣᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠬᠢᠵᠦ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠶᠢ ᠢᠳᠡᠭᠡᠨ ᠤ ᠪᠤᠰᠤ ᠬᠡᠷᠡᠭᠴᠡᠭᠡ ᠪᠠᠷ ᠲᠤᠰᠬᠠᠢ ᠨᠥᠭᠡᠴᠡᠯᠡᠬᠦ ᠶᠢᠨ ᠬᠠᠮᠲᠤ ᠰᠢᠢᠳᠪᠦᠷᠢᠯᠡᠵᠦ᠂ ᠬᠦᠨᠡᠰᠦᠨ ᠠᠮᠤ ᠶᠢᠨ ᠵᠠᠬ᠎ᠠ ᠳᠡᠯᠭᠡᠭᠦᠷ ᠪᠠ ᠢᠳᠡᠭᠡᠨ ᠢ ᠡᠳ᠋ᠰᠢᠭᠦᠯᠬᠦ ᠵᠠᠮ ᠮᠥᠷ ᠲᠤ ᠣᠷᠣᠭᠤᠯᠵᠤ ᠪᠣᠯᠬᠤ ᠦᠭᠡᠢ᠃      ᠬᠤᠷᠢᠨ ᠨᠠᠢᠮᠠᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠷᠢᠳᠦᠭᠦᠯᠬᠦ ᠬᠡᠷᠡᠭᠲᠡᠢ᠃ ᠬᠤᠳᠠᠯᠳᠤᠨ ᠠᠪᠤᠭᠰᠠᠨ ᠠᠮᠤ ᠪᠤᠳᠠᠭᠠᠨ ᠤ ᠶᠠᠰᠤ ᠴᠢᠨᠠᠷ ᠲᠤ ᠰᠢᠯᠭᠠᠨ ᠪᠠᠶᠢᠴᠠᠭᠠᠯᠲᠠ ᠬᠢᠵᠦ᠂ ᠶᠡᠷᠦ ᠳᠤ ᠪᠠᠨ ᠳᠡᠰ᠂ ᠴᠢᠭᠢᠭ᠂ ᠬᠤᠯᠢᠴᠠ᠂ ᠲᠡᠭᠦᠯᠳᠡᠷ ᠪᠤᠰᠤ ᠮᠥᠬᠦᠯᠢᠭ᠂ ᠡᠵᠡᠯᠡᠬᠦᠨ ᠤ ᠬᠦᠨᠳᠦ᠂ ᠪᠦᠳᠦᠭᠦᠯᠢᠭ ᠠᠮᠤ ᠭᠠᠷᠬᠤ ᠨᠣᠷᠮ᠎ᠠ᠂ ᠬᠦᠨᠳᠦ ᠲᠡᠮᠦᠷᠯᠢᠭ᠂ ᠵᠢᠩᠬᠢᠨᠢ ᠮᠥᠬᠦ ᠶᠢᠨ ᠬᠤᠣᠷ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠᠭᠲᠠᠬᠤ ︵ᠬᠢᠵᠠᠭᠠᠷᠯᠠᠭᠳᠠᠬᠤ ᠦᠭᠡᠢ︶ ᠬᠡᠷᠡᠭᠲᠡᠢ᠃      ᠬᠤᠷᠢ ᠶᠢᠰᠦᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠬᠡᠷᠡᠭᠴᠡᠭᠡ ᠪᠠᠨ ᠦᠨᠳᠦᠰᠦᠯᠡᠨ ᠱᠠᠭᠠᠷᠳᠠᠯᠭ᠎ᠠ ᠳᠤ ᠨᠡᠶᠢᠴᠡᠬᠦ ᠠᠮᠤ ᠪᠤᠳᠠᠭ᠎ᠠ ᠬᠤᠳᠠᠯᠳᠤᠵᠤ ᠠᠪᠬᠤ ᠶᠢᠨ ᠬᠠᠮᠲᠤ ᠬᠥᠮᠥᠷᠭᠡ ᠬᠤᠪᠢᠶᠠᠨ ᠨᠥᠭᠡᠴᠡᠯᠡᠬᠦ ᠶᠢ ᠵᠣᠷᠢᠭᠵᠢᠭᠤᠯᠵᠤ᠂ ᠨᠥᠬᠦᠴᠡᠯ ᠲᠠᠢ ᠪᠠᠶᠢᠭ᠎ᠠ ᠨᠢ ᠴᠢᠨᠠᠷ ᠤᠨ ᠵᠢᠭᠠᠯᠲᠠ ᠲᠣᠭᠠᠨ ᠤ ᠲᠦᠷᠭᠡᠨ ᠰᠢᠯᠭᠠᠨ ᠪᠠᠶᠢᠴᠠᠭᠠᠯᠲᠠ ᠬᠢᠵᠦ᠂ ᠣᠨᠣᠴᠠᠲᠠᠢ ᠪᠠᠷ ᠬᠠᠮᠢᠶᠠᠷᠤᠨ᠂ ᠰᠢᠯᠢᠳᠡᠭ ᠠᠮᠤ ᠶᠢ ᠰᠢᠯᠢᠳᠡᠭᠴᠢᠯᠡᠨ ᠨᠥᠭᠡᠴᠡᠯᠡᠬᠦ ᠶᠢ ᠪᠡᠶᠡᠯᠡᠭᠦᠯᠦᠨ᠎ᠡ᠃      ᠭᠤᠴᠢᠳᠤᠭᠠᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠢ ᠡᠵᠡᠮᠰᠢᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠳᠤ ᠪᠠᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠪᠠᠶᠢᠭᠤᠯᠵᠤ᠂ ᠠᠮᠤ ᠪᠤᠳᠠᠭᠠᠨ ᠤ ᠲᠥᠷᠥᠯ ᠵᠦᠢᠯ᠂ ᠪᠠᠷᠠᠭ᠎ᠠ ᠬᠠᠩᠭᠠᠬᠤ ᠡᠲᠡᠭᠡᠳ᠂ ᠠᠮᠤ ᠪᠤᠳᠠᠭᠠᠨ ᠤ ᠭᠠᠷᠤᠯᠲᠠ ᠶᠢᠨ ᠣᠷᠣᠨ᠂ ᠬᠤᠷᠢᠶᠠᠯᠲᠠ ᠣᠯᠣᠭᠰᠠᠨ ᠣᠨ ᠵᠢᠯ᠂ ᠬᠤᠳᠠᠯᠳᠤᠨ ᠠᠪᠤᠭᠰᠠᠨ ᠪᠤᠶᠤ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ᠂ ᠪᠠᠷᠠᠭᠠᠨ ᠤ ᠪᠠᠶᠢᠷᠢᠯᠠᠯ ᠵᠢᠴᠢ ᠲᠤᠭ᠎ᠠ ᠬᠡᠮᠵᠢᠶ᠎ᠡ᠂ ᠶᠠᠰᠤ ᠴᠢᠨᠠᠷ ᠤᠨ ᠳᠡᠰ᠂ ᠴᠢᠨᠠᠷ ᠤᠨ ᠪᠠᠶᠢᠳᠠᠯ᠂ ᠪᠣᠷᠣᠯᠠᠭᠤᠯᠤᠭᠰᠠᠨ ᠵᠦᠭ ᠴᠢᠭᠯᠡᠯ᠂ ᠬᠥᠮᠥᠷᠭᠡ ᠠᠴᠠ ᠭᠠᠷᠤᠭᠰᠠᠨ ᠴᠠᠭ ᠬᠤᠭᠤᠴᠠᠭ᠎ᠠ ᠵᠢᠴᠢ ᠬᠤᠯᠪᠣᠭᠳᠠᠯ ᠪᠦᠬᠦᠢ ᠪᠤᠰᠤᠳ ᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠬᠦ ᠬᠡᠷᠡᠭᠲᠡᠢ᠃      ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠶᠢᠨ ᠬᠠᠳᠠᠭᠠᠯᠠᠬᠤ ᠬᠤᠭᠤᠴᠠᠭ᠎ᠠ ᠶᠢ ᠠᠮᠤ ᠪᠤᠳᠠᠭ᠎ᠠ ᠶᠢ ᠪᠣᠷᠣᠯᠠᠭᠤᠯᠬᠤ ᠪᠠᠷ ᠬᠥᠮᠥᠷᠭᠡ ᠠᠴᠠ ᠭᠠᠷᠭᠠᠭᠰᠠᠨ ᠡᠳᠦᠷ ᠠᠴᠠ ᠡᠬᠢᠯᠡᠨ ᠪᠣᠳᠣᠵᠤ᠂ 5 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠲᠠᠪᠤᠳᠤᠭᠠᠷ ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ      ᠭᠤᠴᠢᠨ ᠬᠤᠶᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠠᠷᠢᠶᠠᠯᠠᠩ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ︔ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠪᠠᠨ ᠴᠢᠩᠭᠠᠳᠬᠠᠵᠤ᠂ ᠣᠷᠣᠯᠠᠨ ᠴᠡᠪᠡᠷᠯᠡᠬᠦ᠂ ᠣᠷᠣᠯᠠᠨ ᠬᠠᠭᠤᠷᠠᠶᠢᠰᠢᠭᠤᠯᠬᠤ᠂ ᠣᠷᠣᠯᠠᠨ ᠬᠠᠳᠠᠭᠠᠯᠠᠬᠤ᠂ ᠣᠷᠣᠯᠠᠨ ᠡᠳ᠋ᠰᠢᠭᠦᠯᠬᠦ᠂ ᠣᠷᠣᠯᠠᠨ ᠪᠣᠷᠣᠯᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠠᠮᠤ ᠪᠤᠳᠠᠭᠠᠨ ᠤ ᠬᠤᠬᠢᠷᠠᠯ ᠰᠦᠢᠳᠬᠡᠯ ᠢ ᠪᠠᠭᠤᠷᠠᠭᠤᠯᠤᠨ᠎ᠠ᠃ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠳᠤ ᠠᠮᠤ ᠨᠥᠭᠡᠴᠡᠯᠡᠬᠦ ᠮᠡᠷᠭᠡᠵᠢᠯ ᠤᠨ ᠵᠢᠭᠠᠨ ᠵᠢᠯᠣᠭᠤᠳᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠠᠮᠤ ᠨᠥᠭᠡᠴᠡᠯᠡᠬᠦ ᠰᠠᠪᠠᠯᠠᠬᠤ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠲᠠᠭᠠᠷᠠᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨᠴᠢ ᠪᠠᠷ ᠠᠮᠤ ᠨᠥᠭᠡᠴᠡᠯᠡᠬᠦ ᠮᠡᠷᠭᠡᠵᠢᠯ ᠤᠨ ᠪᠣᠯᠪᠠᠰᠤᠷᠠᠯ ᠪᠠ ᠦᠢᠯᠡᠴᠢᠯᠡᠭᠡ ᠬᠠᠩᠭᠠᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠠᠮᠤ ᠪᠤᠳᠠᠭᠠᠨ ᠤ ᠦᠨ᠎ᠡ ᠬᠠᠩᠰᠢ᠂ ᠬᠤᠳᠠᠯᠳᠤᠨ ᠠᠪᠬᠤ ᠠᠬᠢᠴᠠ ᠵᠡᠷᠭᠡ ᠮᠡᠳᠡᠭᠡ ᠵᠠᠩᠭᠢ ᠶᠢ ᠨᠡᠶᠢᠲᠡᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠣᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠶᠢᠯᠤᠮᠵᠢ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠵᠦᠢᠯᠡᠰ ᠢ ᠢᠳᠡᠪᠬᠢᠲᠡᠢ ᠪᠠᠷ ᠬᠠᠷᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠬᠥᠲᠥᠯᠥᠨ ᠵᠢᠯᠤᠭᠤᠳᠴᠤ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠪᠠᠨ ᠴᠢᠩᠭᠠᠳᠬᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠢ ᠨᠢᠭᠲᠠ ᠠᠩᠬᠠᠷᠴᠤ᠂ ᠠᠮᠤ ᠪᠤᠳᠠᠭ᠎ᠠ ᠬᠤᠳᠠᠯᠳᠤᠨ ᠠᠪᠬᠤ ᠤᠯᠠᠷᠢᠯ ᠳᠤ ᠬᠤᠳᠠᠯᠳᠤᠨ ᠠᠪᠬᠤ ᠠᠬᠢᠴᠠ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠭᠤᠣᠯᠳᠠᠯᠭ᠎ᠠ ᠲᠠᠢ ᠪᠠᠷ ᠬᠢᠨᠠᠨ ᠬᠡᠮᠵᠢᠵᠦ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠲᠤᠭ᠎ᠠ ᠪᠦᠷᠢᠳᠬᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠯᠦᠭᠡ ᠵᠥᠪᠳᠡᠯᠴᠡᠬᠦ ᠲᠣᠭᠲᠠᠴᠠ  ᠪᠠᠶᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠲᠠᠯ᠎ᠠ ᠶᠢᠨ ᠪᠠᠶᠢᠳᠠᠯ ᠢ ᠴᠠᠭ ᠲᠤᠬᠠᠢ ᠳᠤ ᠨᠢ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠬᠡᠷᠡᠭᠲᠡᠢ᠃ ᠭᠡᠨᠡᠳᠲᠡ ᠡᠭᠦᠰᠬᠦ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠣᠨᠴᠠᠭᠠᠢ ᠴᠠᠭ ᠠᠭᠤᠷ ᠵᠡᠷᠭᠡ ᠶᠢᠨ ᠨᠥᠯᠥᠭᠡᠯᠡᠯ ᠢ ᠨᠢᠭᠲᠠ ᠠᠩᠬᠠᠷᠴᠤ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠨᠠᠮᠤᠷ ᠤᠨ ᠠᠮᠤ ᠲᠥᠪᠯᠡᠷᠡᠨ ᠵᠠᠬ᠎ᠠ ᠳᠡᠯᠭᠡᠭᠦᠷ ᠲᠤ ᠭᠠᠷᠬᠤ ᠬᠤᠭᠤᠴᠠᠭᠠᠨ ᠳᠤ ᠣᠷᠣᠨ ᠪᠦᠰᠡ ᠶᠢᠨ ᠴᠢᠨᠠᠷ ᠲᠠᠢ᠂ ᠱᠠᠲᠤᠴᠢ ᠴᠢᠨᠠᠷ ᠲᠠᠢ ᠲᠠᠷᠢᠶᠠᠴᠢᠨ ᠤ ︽ᠠᠮᠤ ᠬᠤᠳᠠᠯᠳᠤᠬᠤ ᠳᠤ ᠪᠡᠷᠬᠡ︾ ᠠᠰᠠᠭᠤᠳᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃      ᠭᠤᠴᠢᠨ ᠲᠠᠪᠤᠳᠤᠭᠠᠷ ᠵᠦᠢᠯ  ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠮᠡᠷᠭᠡᠵᠢᠯ ᠢ ᠠᠰᠢᠭᠯᠠᠬᠤ ᠶᠢ ᠵᠣᠷᠢᠭᠵᠢᠭᠤᠯᠵᠤ᠂ ︽ᠢᠨᠲ᠋ᠧᠷ ᠰᠦᠯᠵᠢᠶ᠎ᠡ +︾ ᠬᠤᠳᠠᠯᠳᠤᠨ ᠠᠪᠬᠤ᠂ ᠪᠣᠯᠵᠣᠨ ᠬᠤᠳᠠᠯᠳᠤᠨ ᠠᠪᠬᠤ᠂ ᠡᠭᠦᠳᠡᠨ ᠳᠤ ᠨᠢ ᠬᠦᠷᠴᠦ ᠬᠤᠳᠠᠯᠳᠤᠨ ᠠᠪᠬᠤ ᠵᠡᠷᠭᠡ ᠲᠠᠷᠢᠶᠠᠴᠢᠨ ᠳᠤ ᠳᠥᠭᠦᠮ ᠦᠵᠡᠭᠦᠯᠬᠦ ᠠᠷᠭ᠎ᠠ ᠪᠠᠷᠢᠯ ᠤᠨ ᠬᠡᠷᠡᠭᠯᠡᠭᠡᠨ ᠢ ᠳᠡᠯᠭᠡᠷᠡᠭᠦᠯᠵᠦ᠂ ᠠᠮᠤ ᠪᠤᠳᠠᠭ᠎ᠠ ᠨᠥᠭᠡᠴᠡᠯᠡᠨ ᠲᠡᠭᠡᠭᠡᠪᠦᠷᠢᠯᠡᠬᠦ ᠪᠠ ᠠᠮᠤ ᠠᠷᠪᠢᠯᠠᠨ ᠬᠤᠷᠣᠭᠳᠠᠯ ᠢ ᠪᠠᠭᠠᠰᠬᠠᠬᠤ ᠲᠡᠷᠢᠭᠦᠨ ᠤ ᠮᠡᠷᠭᠡᠵᠢᠯ ᠢ ᠨᠡᠭᠡᠭᠡᠨ ᠠᠰᠢᠭᠯᠠᠬᠤ ᠪᠠ ᠳᠡᠯᠭᠡᠷᠡᠭᠦᠯᠬᠦ ᠶᠢ ᠳᠡᠮᠵᠢᠵᠦ᠂ ᠠᠮᠤ  ᠪᠤᠳᠠᠭ᠎ᠠ ᠬᠤᠳᠠᠯᠳᠤᠨ ᠠᠪᠤᠭᠴᠢ ᠶᠢᠨ ᠠᠮᠤ ᠶᠢ ᠬᠠᠶᠢᠷᠠᠯᠠᠨ ᠠᠮᠤ ᠶᠢ ᠠᠷᠪᠢᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠪᠠᠷ ᠬᠥᠲᠥᠯᠥᠨ ᠵᠢᠯᠤᠭᠤᠳᠴᠤ᠂ ᠠᠮᠤ ᠪᠤᠳᠠᠭᠠᠨ ᠤ ᠬᠤᠷᠣᠭᠳᠠᠯ ᠢ ᠪᠠᠭᠤᠷᠠᠭᠤᠯᠬᠤ ᠬᠡᠷᠡᠭᠲᠡᠢ᠃      ᠭᠤᠴᠢᠨ ᠵᠢᠷᠭᠤᠳᠤᠭᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠤᠨ ᠰᠠᠯᠠᠭ᠎ᠠ ᠮᠥᠴᠢᠷ ᠨᠢ ᠠᠮᠤ ᠪᠤᠳᠠᠭ᠎ᠠ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠬᠢᠭᠡᠳ ᠲᠡᠭᠡᠭᠡᠪᠦᠷᠢᠯᠡᠬᠦ ᠴᠢᠳᠠᠪᠤᠷᠢ ᠬᠠᠩᠭᠠᠬᠤ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠮ ᠤᠨ ᠲᠣᠣᠷ᠂ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠪᠤᠷᠢ ᠶᠢᠨ ᠬᠢᠨᠠᠨ ᠬᠡᠮᠵᠢᠬᠦ ᠪᠠ ᠮᠡᠳᠡᠭᠡ ᠵᠠᠩᠭᠢ ᠶᠢᠨ ᠦᠢᠯᠡᠴᠢᠯᠡᠭᠡ ᠪᠠᠨ ᠴᠢᠩᠭᠠᠳᠬᠠᠵᠤ᠂ ᠠᠮᠤ ᠪᠤᠳᠠᠭ᠎ᠠ ᠲᠥᠪᠯᠡᠷᠡᠨ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ ᠴᠢᠬᠤᠯᠠ ᠪᠦᠬᠦᠢ ᠲᠡᠭᠡᠭᠡᠪᠦᠷᠢᠯᠡᠬᠦ ᠪᠠᠲᠤᠯᠠᠭ᠎ᠠ ᠬᠠᠩᠭᠠᠬᠤ ᠬᠡᠷᠡᠭᠲᠡᠢ᠃      ᠠᠮᠤ ᠪᠤᠳᠠᠭ᠎ᠠ ᠲᠡᠭᠡᠭᠡᠪᠦᠷᠢᠯᠡᠬᠦ ᠳᠤ ᠪᠠᠨ ᠤᠯᠤᠰ ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠮᠤ ᠪᠤᠳᠠᠭᠠᠨ ᠤ ᠲᠡᠭᠡᠭᠡᠪᠦᠷᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠢ᠃ ᠪᠣᠬᠢᠷᠲᠤᠭᠰᠠᠨ ᠲᠡᠭᠡᠭᠡᠪᠦᠷᠢ ᠶᠢᠨ ᠪᠠᠭᠠᠵᠢ ᠪᠤᠶᠤ ᠪᠣᠭᠤᠳᠠᠯᠯᠠᠬᠤ ᠮᠠᠲ᠋ᠧᠷᠢᠶᠠᠯ ᠢᠶᠠᠷ ᠠᠮᠤ ᠪᠤᠳᠠᠭ᠎ᠠ ᠲᠡᠭᠡᠭᠡᠪᠦᠷᠢᠯᠡᠵᠦ ᠪᠣᠯᠬᠤ ᠦᠭᠡᠢ᠂ ᠬᠤᠣᠷ ᠬᠥᠨᠥᠭᠡᠯᠳᠦ  ᠪᠣᠳᠠᠰ ᠲᠠᠢ ᠬᠤᠯᠢᠯᠳᠤᠭᠤᠯᠤᠨ ᠲᠡᠭᠡᠭᠡᠪᠦᠷᠢᠯᠡᠵᠦ ᠪᠣᠯᠬᠤ ᠦᠭᠡᠢ᠃      ᠭᠤᠴᠢᠨ ᠳᠣᠯᠣᠳᠤᠭᠠᠷ ᠵᠦᠢᠯ  ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠶᠢᠨ ᠮᠥᠩᠭᠦ ᠬᠠᠩᠭᠠᠬᠤ ᠬᠡᠷᠡᠭᠲᠡᠢ᠃      ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠵᠢᠴᠢ ᠰᠠᠯᠪᠤᠷᠢ ᠪᠠᠶᠢᠭᠤᠯᠤᠮᠵᠢ ᠨᠢ ᠣᠷᠣᠨ ᠨᠤᠲᠤᠭ ᠤᠨ ᠨᠥᠭᠡᠴᠡᠯᠡᠬᠦ ᠠᠮᠤ ᠬᠢᠭᠡᠳ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠳᠠᠬᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠮᠤ ᠪᠤᠳᠠᠭᠠᠨ ᠤ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠪᠠ ᠪᠤᠰᠤᠳ ᠠᠮᠤ ᠪᠤᠳᠠᠭᠠᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠢ ᠦᠨᠳᠦᠰᠦᠯᠡᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦᠨ ᠤ ᠳᠡᠮᠵᠢᠯᠭᠡ ᠦᠵᠡᠭᠦᠯᠬᠦ ᠬᠡᠷᠡᠭᠲᠡᠢ᠃      ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠳᠤ ᠲᠤᠰᠬᠠᠢ ᠵᠣᠭᠤᠰ ᠢ ᠲᠤᠰᠬᠠᠢ ᠬᠡᠷᠡᠭᠯᠡᠵᠦ᠂ ᠪᠢᠲᠡᠭᠦᠮᠵᠢᠯᠡᠵᠦ ᠠᠵᠢᠯᠯᠠᠭᠤᠯᠬᠤ ᠬᠡᠷᠡᠭᠲᠡᠢ᠃      ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭ᠎ᠠ ᠬᠤᠳᠠᠯᠳᠤᠨ ᠠᠪᠬᠤ ᠳᠠᠬᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠳᠬᠠᠬᠤ ᠶᠢ ᠨᠢ ᠵᠣᠷᠢᠭᠵᠢᠭᠤᠯᠵᠤ᠂ ᠠᠮᠤ ᠪᠤᠳᠠᠭᠠᠨ ᠤ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠡᠯᠡ ᠣᠷᠣᠭᠤᠯᠬᠤ ᠵᠠᠮ ᠮᠥᠷ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠠᠮᠤ ᠪᠤᠳᠠᠭ᠎ᠠ ᠬᠤᠳᠠᠯᠳᠤᠨ ᠠᠪᠤᠭᠴᠢ ᠳᠤ  ᠂ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠬᠠᠩᠭᠠᠬᠤ ᠬᠡᠷᠡᠭᠲᠡᠢ᠃      ᠵᠢᠷᠭᠤᠳᠤᠭᠠᠷ  ᠪᠦᠯᠦᠭ  ᠠᠮᠤ ᠪᠤᠳᠠᠭ᠎ᠠ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ      ᠭᠤᠴᠢᠨ ᠨᠠᠢᠮᠠᠳᠤᠭᠠᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠪᠠ ᠲᠣᠰ ᠠᠷᠭ᠎ᠠ ᠶᠢᠨ ᠲᠣᠭᠲᠠᠭᠠᠯ ᠶᠣᠰᠣᠭᠠᠷ᠂ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ᠂ ᠮᠡᠳᠡᠭᠡ ᠵᠠᠩᠭᠢ ᠪᠦᠷᠢᠳᠬᠡᠨ ᠳᠠᠩᠰᠠᠯᠠᠬᠤ ᠵᠢᠴᠢ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠤ ᠪᠦᠷᠢᠳᠬᠡᠨ ᠪᠠᠶᠢᠴᠠᠭᠠᠬᠤ ᠳᠦᠷᠢᠮ︾᠎ ᠢ ᠬᠡᠷᠡᠭᠵᠢᠭᠦᠯᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠠᠮᠤ ᠪᠤᠳᠠᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠲᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠮᠠᠲ᠋ᠧᠷᠢᠶᠠᠯ᠂ ᠭᠡᠷᠡᠴᠢ ᠪᠠᠷᠢᠮᠲᠠ ᠶᠢ ᠪᠠᠶᠢᠴᠠᠭᠠᠨ ᠦᠵᠡᠵᠦ ᠪᠣᠯᠣᠨ᠎ᠠ︔ ᠠᠮᠤ ᠪᠤᠳᠠᠭᠠᠨ ᠤ ᠲᠤᠭ᠎ᠠ ᠬᠡᠮᠵᠢᠶ᠎ᠡ᠂ ᠶᠠᠰᠤ ᠴᠢᠨᠠᠷ ᠪᠠ ᠨᠥᠭᠡᠴᠡᠯᠡᠬᠦ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ᠎ᠠ︔ ᠠᠮᠤ ᠪᠤᠳᠠᠭᠠᠨ ᠤ ᠨᠥᠭᠡᠴᠡᠯᠡᠬᠦ ᠪᠡᠯᠡᠳᠬᠡᠮᠵᠢ᠂ ᠲᠥᠬᠦᠭᠡᠷᠦᠮᠵᠢ ᠶᠢᠨ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠡᠰᠡᠬᠦ ᠶᠢ ᠨᠢ ᠪᠠᠶᠢᠴᠠᠭᠠᠨ᠎ᠠ︔ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠴᠠ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠣᠶᠢᠯᠠᠭᠠᠨ᠎ᠠ︔ ᠬᠠᠤᠯᠢ ᠪᠤᠰᠤ ᠪᠠᠷ ᠬᠤᠳᠠᠯᠳᠤᠵᠤ ᠠᠪᠤᠭᠰᠠᠨ ᠪᠤᠶᠤ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ᠂ ᠬᠠᠤᠯᠢ ᠠᠴᠠ ᠵᠥᠷᠢᠴᠡᠨ ᠡᠵᠡᠩᠨᠡᠬᠦ ᠳᠤ ᠬᠡᠷᠡᠭᠯᠡᠬᠦ ᠪᠤᠶᠤ ᠪᠣᠬᠢᠷᠲᠤᠭᠰᠠᠨ ᠪᠠᠭᠠᠵᠢ ᠬᠡᠷᠡᠭᠰᠡᠯ᠂ ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠳᠠᠩᠰᠠᠨ ᠳᠡᠪᠲᠡᠷ ᠤᠨ ᠮᠠᠲ᠋ᠧᠷᠢᠶᠠᠯ ᠢ ᠪᠠᠶᠢᠴᠠᠭᠠᠨ ᠪᠢᠲᠡᠭᠦᠮᠵᠢᠯᠡᠵᠦ᠂ ᠪᠡᠷᠢᠴᠠᠭᠠᠨ ᠳᠤ ᠦᠯᠡᠳᠡᠭᠡᠨ᠎ᠡ︔ ᠬᠠᠤᠯᠢ ᠠᠴᠠ ᠵᠥᠷᠢᠴᠡᠨ ᠠᠮᠤ ᠪᠤᠳᠠᠭᠠᠨ ᠤ ᠡᠵᠡᠩᠨᠡᠯᠲᠡ ᠶᠢᠨ ᠦᠢᠯᠡ ᠠᠵᠢᠯᠯᠠᠭ᠎ᠠ ᠡᠷᠬᠢᠯᠡᠵᠦ ᠪᠠᠶᠢᠭ᠎ᠠ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠨ᠎ᠡ᠃      ᠭᠤᠴᠢ ᠶᠢᠰᠦᠳᠦᠭᠡᠷ ᠵᠦᠢᠯ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠵᠡᠷᠭᠡ ᠰᠠᠯᠠᠭ᠎ᠠ ᠮᠥᠴᠢᠷ ᠨᠢ ᠥᠪᠡᠷ ᠥᠪᠡᠷ ᠤᠨ ᠢᠶᠠᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠠᠮᠤ ᠪᠤᠳᠠᠭᠠᠨ ᠤ ᠡᠵᠡᠩᠨᠡᠯᠲᠡ ᠶᠢᠨ ᠠᠵᠢᠯᠯᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ᠂ ᠬᠠᠤᠯᠢ ᠪᠤᠰᠤ ᠪᠠᠷ ᠠᠷᠠᠯᠵᠢᠶᠠᠯᠠᠬᠤ ᠵᠢᠴᠢ ᠬᠠᠤᠯᠢ ᠠᠴᠠ ᠵᠥᠷᠢᠴᠡᠭᠰᠡᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠳᠥᠴᠢᠳᠦᠭᠡᠷ ᠵᠦᠢᠯ  ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ︽ᠬᠤᠶᠠᠷ ᠢ ᠲᠠᠰᠢᠷᠠᠮ ᠢᠶᠠᠷ ᠭᠦᠢᠴᠡᠳᠬᠡᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠷ ᠠᠮᠤ ᠪᠤᠳᠠᠭ᠎ᠠ ᠬᠤᠳᠠᠯᠳᠤᠨ ᠠᠪᠬᠤ ᠶᠢᠨ ᠲᠤᠰᠠᠭᠠᠷ ᠪᠠᠶᠢᠴᠠᠭᠠᠬᠤ ᠪᠠ ᠣᠷᠣᠨ ᠪᠦᠰᠡ᠂ ᠰᠠᠯᠠᠭ᠎ᠠ ᠮᠥᠴᠢᠷ ᠠᠯᠤᠰᠯᠠᠨ ᠬᠠᠮᠲᠤᠷᠠᠵᠤ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠢ᠃      ᠳᠥᠴᠢᠨ ᠨᠢᠭᠡᠳᠦᠭᠡᠷ ᠵᠦᠢᠯ  ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠡᠬᠡ ᠳᠠᠩᠰᠠ ᠶᠢ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠭᠡᠬᠦ ᠲᠠᠪᠴᠠᠩ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠂ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠬᠠᠮᠲᠤᠷᠠᠵᠤ ᠵᠠᠯᠬᠠᠭᠠᠨ ᠴᠡᠭᠡᠷᠯᠡᠭᠦᠯᠦᠨ᠎ᠡ᠃      ᠳᠥᠴᠢᠨ ᠬᠤᠶᠠᠳᠤᠭᠠᠷ ᠵᠦᠢᠯ  ᠶᠠᠮᠠᠷᠪᠠ ᠪᠠᠶᠢᠭᠤᠯᠭ᠎ᠠ ᠪᠠ ᠬᠤᠪᠢ ᠬᠥᠮᠥᠨ ᠭᠡᠳ ᠴᠥᠮ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠯᠲᠡ ᠶᠢ ᠲᠣᠰᠴᠤ ᠣᠯᠣᠭᠰᠠᠨ ᠤ ᠳᠠᠷᠠᠭ᠎ᠠ ᠴᠠᠭ ᠲᠤᠬᠠᠢ ᠳᠤ ᠨᠢ ᠬᠢᠨᠠᠨ ᠬᠠᠷᠭᠤᠭᠤᠯᠵᠤ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠨᠢᠭᠤᠴᠠ ᠬᠠᠮᠠᠭᠠᠯᠠᠬᠤ ᠬᠡᠷᠡᠭᠲᠡᠢ᠃ ᠬᠠᠷᠭᠤᠭᠤᠯᠤᠨ ᠪᠠᠶᠢᠴᠠᠭᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ      ᠳᠥᠴᠢᠨ ᠭᠤᠷᠪᠠᠳᠤᠭᠠᠷ ᠵᠦᠢᠯ  ᠰᠢᠷ᠎ᠠ ᠪᠤᠷᠴᠠᠭ᠂ ᠲᠣᠰᠣᠯᠢᠭ ᠲᠠᠷᠢᠮᠠᠯ ᠪᠠ ᠢᠳᠡᠭᠡᠨ ᠤ ᠤᠷᠭᠤᠮᠠᠯ ᠤᠨ ᠲᠣᠰᠣᠨ ᠤ ᠬᠤᠳᠠᠯᠳᠤᠨ ᠠᠪᠬᠤ ᠡᠵᠡᠩᠨᠡᠯᠲᠡ ᠶᠢᠨ ᠠᠵᠢᠯᠯᠠᠭ᠎ᠠ ᠳᠤ᠂ ᠲᠣᠰ ᠠᠷᠭ᠎ᠠ ᠶᠢᠨ ᠨᠠᠢᠮᠠᠳᠤᠭᠠᠷ᠂ ᠠᠷᠪᠠᠨ ᠨᠢᠭᠡᠳᠦᠭᠡᠷ᠂ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ ᠵᠦᠢᠯ ᠠᠴᠠ ᠪᠤᠰᠤᠳ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃      ᠳᠥᠴᠢᠨ ᠳᠥᠷᠪᠡᠳᠦᠭᠡᠷ ᠵᠦᠢᠯ  ᠲᠣᠰ ᠠᠷᠭ᠎ᠠ ᠳᠤ ᠦᠯᠦ ᠬᠤᠯᠪᠣᠭᠳᠠᠭᠰᠠᠨ ᠠᠭᠤᠯᠭ᠎ᠠ ᠶᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾᠎ ᠤᠨ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠤ ᠬᠤᠯᠪᠣᠭᠳᠠᠯ ᠪᠦᠬᠦᠢ ᠲᠣᠭᠲᠠᠭᠠᠯ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ ᠲᠣᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ ᠤᠯᠤᠰ ᠠᠴᠠ ᠠᠮᠤ ᠪᠤᠳᠠᠭ᠎ᠠ ᠬᠤᠳᠠᠯᠳᠤᠨ ᠠᠪᠬᠤ ᠲᠠᠢ ᠬᠤᠯᠪᠣᠭᠳᠠᠭᠰᠠᠨ ᠬᠤᠯᠪᠣᠭᠳᠠᠯ ᠪᠦᠬᠦᠢ ᠲᠣᠭᠲᠠᠭᠠᠯ ᠢ ᠰᠢᠨ᠎ᠡ ᠪᠠᠷ ᠨᠡᠶᠢᠲᠡᠯᠡᠪᠡᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃      ᠳᠥᠴᠢᠨ ᠲᠠᠪᠤᠳᠤᠭᠠᠷ ᠵᠦᠢᠯ  ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                            ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                                  2023 ᠣᠨ ᠤ 1 ᠳ᠋ᠦ᠋ᠭᠡᠷ ᠰᠠᠷ᠎ᠠ ᠶᠢᠨ                                                  14 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号