ᠦᠴᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠤᠨ ᠺᠠᠳ᠋ᠷ ᠠᠵᠢᠯᠲᠠᠳ ᠬᠤᠷᠠᠭᠰᠠᠨ ᠴᠠᠰᠤ ᠶᠢ ᠴᠡᠪᠡᠷᠯᠡᠵᠦ ᠰᠠᠭᠠᠳ ᠦᠭᠡᠢ ᠨᠡᠪᠲᠡᠷᠡᠯᠭᠡ ᠶᠢ ᠪᠠᠲᠤᠯᠠᠪᠠ
ᠨᠡᠶᠢᠲᠡᠯᠡᠭᠰᠡᠨ ᠴᠠᠭ᠄
2023/12/18
     ᠦᠴᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠤᠨ ᠺᠠᠳ᠋ᠷ ᠠᠵᠢᠯᠲᠠᠳ 12 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠵᠡᠭᠡᠯᠢ ᠳᠤ ᠭᠠᠷᠴᠤ᠂ ᠰᠢᠶᠠᠨ ᠤ ᠬᠤᠲᠠ ᠶᠢᠨ ᠵᠠᠮ ᠳᠤ ᠬᠤᠷᠠᠭᠰᠠᠨ ᠴᠠᠰᠤ ᠶᠢ ᠴᠡᠪᠡᠷᠯᠡᠵᠦ᠂ ᠪᠦᠬᠦ ᠰᠢᠶᠠᠨ ᠤ ᠵᠠᠮ ᠤᠨ ᠰᠠᠭᠠᠳ ᠦᠭᠡᠢ ᠨᠡᠪᠲᠡᠷᠡᠬᠦ ᠪᠠ ᠣᠯᠠᠨ ᠲᠦᠮᠡᠨ ᠤ ᠠᠮᠤᠷ ᠲᠦᠪᠰᠢᠨ ᠳᠥᠭᠦᠮ ᠳᠥᠲᠡ ᠪᠠᠷ ᠭᠠᠳᠠᠭᠰᠢ ᠭᠠᠷᠬᠤ ᠶᠢ ᠪᠠᠲᠤᠯᠠᠭᠰᠠᠨ ᠪᠠᠶᠢᠨ᠎ᠠ᠃
     ᠱᠦᠭᠦᠷᠳᠡᠯᠲᠡ ᠶᠢᠨ ᠶᠠᠪᠤᠴᠠ ᠳᠤ ᠡᠯ᠎ᠡ ᠰᠠᠯᠠᠭ᠎ᠠ ᠮᠥᠴᠢᠷ ᠤᠨ ᠺᠠᠳ᠋ᠷ ᠠᠵᠢᠯᠲᠠᠳ ᠤᠨ ᠬᠤᠷᠠᠭᠰᠠᠨ ᠴᠠᠰᠤ ᠶᠢ ᠱᠦᠭᠦᠷᠳᠡᠨ ᠴᠡᠪᠡᠷᠯᠡᠵᠦ ᠪᠠᠶᠢᠭ᠎ᠠ ᠪᠠᠶᠢᠳᠠᠯ ᠢ ᠡᠯ᠎ᠡ ᠵᠠᠮ ᠳᠡᠭᠡᠷ᠎ᠡ ᠴᠥᠮ ᠣᠯᠵᠤ ᠬᠠᠷᠠᠵᠤ᠂ ᠴᠠᠰᠤ ᠠᠷᠢᠯᠭᠠᠵᠤ ᠮᠥᠰᠥ ᠠᠷᠢᠯᠭᠠᠬᠤ ᠬᠦᠷ ᠬᠥᠭᠵᠢᠶᠡᠨ ᠲᠠᠢ ᠪᠠᠶᠢᠯ᠎ᠠ᠂ ᠤᠯᠠᠨ ᠢᠶᠠᠷ ᠢᠶᠠᠨ ᠱᠦᠭᠦᠷ᠂ ᠬᠦᠷᠵᠡ ᠵᠡᠷᠭᠡ ᠪᠠᠭᠠᠵᠢ ᠬᠡᠷᠡᠭᠰᠡᠯ ᠢ ᠠᠳᠬᠤᠨ ᠬᠠᠷᠢᠯᠴᠠᠨ ᠬᠠᠮᠵᠢᠯᠴᠠᠵᠤ᠂ ᠬᠤᠪᠢᠶᠠᠨ ᠳᠠᠭᠠᠭᠠᠴᠢᠯᠠᠭᠰᠠᠨ ᠵᠠᠮ ᠤᠨ ᠬᠡᠰᠡᠭ ᠤᠨ ᠵᠠᠮ ᠤᠨ ᠭᠠᠳᠠᠷᠭᠤ ᠳᠠᠬᠢ ᠬᠤᠷᠠᠭᠰᠠᠨ ᠴᠠᠰᠤ ᠶᠢ ᠬᠡᠰᠡᠭ ᠬᠡᠰᠡᠭ ᠢᠶᠠᠷ ᠱᠦᠭᠦᠷᠳᠡᠨ ᠴᠡᠪᠡᠷᠯᠡᠬᠦ ᠶᠢᠨ ᠬᠠᠮᠲᠤ ᠵᠠᠮ ᠤᠨ ᠭᠠᠳᠠᠷᠭᠤ ᠳᠠᠬᠢ ᠬᠤᠷᠠᠭᠰᠠᠨ ᠮᠥᠰᠥ ᠶᠢ ᠱᠦᠭᠦᠷᠳᠡᠨ ᠠᠷᠢᠯᠭᠠᠪᠠ᠃ ᠤᠯᠠᠨ ᠤ ᠴᠢᠷᠮᠠᠶᠢᠯᠭ᠎ᠠ ᠪᠠᠷ᠂ ᠶᠡᠭᠡ ᠪᠠᠭ᠎ᠠ ᠵᠡᠭᠡᠯᠢ ᠭᠤᠳᠤᠮᠵᠢ ᠶᠢᠨ ᠬᠤᠷᠠᠭᠰᠠᠨ ᠴᠠᠰᠤ ᠶᠢ ᠴᠠᠭ ᠲᠤᠬᠠᠢ ᠳᠤᠨᠢ ᠴᠡᠪᠡᠷᠯᠡᠵᠦ᠂ ᠬᠤᠷᠠᠭᠰᠠᠨ ᠴᠠᠰᠤ ᠮᠥᠰᠥ ᠬᠥᠯᠳᠡᠬᠦ ᠠᠴᠠ ᠪᠣᠯᠤᠭᠰᠠᠨ ᠨᠥᠯᠥᠭᠡ ᠪᠣᠯᠣᠨ ᠬᠤᠣᠷ ᠬᠥᠨᠥᠭᠡᠯ ᠢ ᠪᠠᠭᠠᠰᠬᠠᠵᠤ᠂ ᠤᠯᠠᠨ ᠲᠦᠮᠡᠨ ᠤ ᠠᠮᠢᠳᠤᠷᠠᠯ ᠪᠣᠯᠣᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠳᠥᠲᠡ ᠪᠣᠯᠭᠠᠪᠠ᠂ ᠬᠠᠬᠢᠷ ᠬᠦᠢᠲᠡᠨ ᠤᠯᠠᠨ ᠤ ᠬᠠᠯᠠᠭᠤᠨ ᠰᠡᠳᠬᠢᠯᠭᠡ ᠶᠢ ᠬᠤᠷᠢᠭᠯᠠᠵᠤ ᠳᠡᠶᠢᠯᠬᠦ ᠦᠭᠡᠢ ᠪᠠᠶᠢᠵᠤ᠂ ᠪᠦᠬᠦ ᠺᠠᠳ᠋ᠷ ᠠᠵᠢᠯᠲᠠᠳ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠪᠣᠯᠣᠨ ᠡᠭᠦᠷᠭᠡᠯᠡᠯ ᠢᠶᠠᠨ ᠢᠯᠡᠷᠡᠭᠦᠯᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号