ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 33 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 33 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠥᠲᠥᠯᠪᠦᠷᠢ ᠪᠠ 2035 ᠣᠨ ᠤ ᠠᠯᠤᠰ ᠤᠨ ᠬᠠᠷᠠᠯᠲᠠ︾ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠪᠠᠶᠢᠳᠠᠯ ᠢ ᠰᠣᠨᠣᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠥᠷᠨᠢᠭᠦᠯᠬᠦ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠬᠠᠤᠯᠢ ᠳᠤ ᠲᠣᠭᠲᠠᠭᠠᠭᠰᠠᠨ ᠵᠢᠷᠤᠮ ᠪᠣᠯᠬᠤ ᠪᠠᠷ ᠪᠠᠷᠠᠬᠤ ᠦᠭᠡᠢ᠂ ᠪᠠᠰᠠ ᠴᠤ ᠮᠠᠨ ᠤ ᠰᠢᠶᠠᠨ ᠤ ᠣᠶᠢᠷ᠎ᠠ ᠶᠢᠨ 3 ᠵᠢᠯ ᠠᠴᠠ ᠨᠠᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠨᠢᠭᠡ ᠤᠳᠠᠭᠠᠨ ᠤ ᠪᠦᠬᠦ ᠲᠠᠯ᠎ᠠ ᠶᠢᠨ ᠳ᠋ᠦᠩᠨᠡᠯᠲᠡ ᠪᠣᠯᠣᠨ᠎ᠠ᠂ ᠮᠠᠨ ᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠤᠷᠤᠭᠰᠢᠲᠠᠢ ᠬᠡᠷᠡᠭᠵᠢᠭᠦᠯᠬᠦ ᠶᠢ ᠠᠬᠢᠭᠤᠯᠬᠤ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠂ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ ᠳᠤ ᠲᠣᠳᠣᠷᠬᠠᠶᠢᠯᠠᠭᠰᠠᠨ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠳᠤᠮᠳᠠ ᠬᠤᠭᠤᠴᠠᠭᠠᠨ ᠤ ᠦᠨᠡᠯᠡᠯᠲᠡ ᠶᠢᠨ ᠦᠷ᠎ᠡ ᠳ᠋ᠦᠩ ᠢ ᠨᠠᠷᠢᠨ ᠬᠢᠨᠠᠮᠠᠭᠠᠢ ᠡᠮᠬᠢᠯᠡᠨ ᠡᠵᠡᠮᠳᠡᠵᠦ᠂ ᠢᠷᠡᠭᠡᠳᠦᠢ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠴᠢᠷᠮᠠᠶᠢᠨ ᠨᠥᠬᠦᠪᠦᠷᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠰᠠᠨᠠᠯ ᠢ ᠴᠤᠭᠯᠠᠭᠤᠯᠬᠤ᠂ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠵᠡᠷᠭᠡ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠵᠦ᠂ ᠦᠴᠦᠸᠠᠨ ᠤ ᠪᠣᠳᠠᠲᠠᠢ ᠲᠠᠢ ᠨᠢᠭᠲᠠ ᠨᠡᠶᠢᠴᠡᠭᠰᠡᠨ᠂ ᠨᠡᠯᠢᠶᠡᠳ ᠴᠢᠩᠭ᠎ᠠ ᠵᠢᠯᠣᠭᠤᠳᠤᠯᠭ᠎ᠠ ᠪᠠ ᠠᠵᠢᠯᠯᠠᠭᠠᠨ ᠤ ᠴᠢᠨᠠᠷᠲᠠᠢ ᠦᠨᠡᠯᠡᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠶᠢ ᠪᠠᠲᠤᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠣᠳᠠᠲᠠᠢ ᠡᠭᠦᠷᠭᠡ ᠶᠢᠨ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠲᠦᠷᠦᠯ ᠵᠦᠢᠯ ᠲᠠᠢ ᠬᠠᠷᠢᠴᠠᠭᠤᠯᠤᠨ ᠵᠠᠳᠠᠯᠤᠨ ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠳᠡᠭᠡᠨ ᠡᠷᠲᠡᠬᠡᠨ ᠣᠷᠣᠭᠤᠯᠵᠤ᠂ ᠲᠥᠯᠦᠪᠵᠢᠭᠦᠯᠭᠡ ᠶᠢᠨ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号