ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 118 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 118 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 12 ᠳ᠋ᠤᠭᠠᠷ ᠰᠠᠷ᠎ᠠ ᠶᠢᠨ 8 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠪᠠᠰᠠ ᠮᠠᠨ ᠤ ᠰᠢᠶᠠᠨ ᠤ ᠰᠢᠨ᠎ᠡ ᠣᠨ ᠢᠶᠠᠨ ᠤᠭᠲᠤᠬᠤ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠶᠢ ᠪᠡᠯᠡᠳᠬᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠵᠠᠳᠠᠯᠤᠯᠲᠠ ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠬᠠᠮᠤᠭ ᠤᠨ ᠰᠡᠭᠦᠯᠴᠢ ᠶᠢᠨ ᠨᠢᠭᠡ ᠰᠠᠷ᠎ᠠ ᠶᠢᠨ ᠴᠠᠭ ᠢ ᠵᠠᠪᠳᠤᠨ ᠠᠳᠬᠤᠬᠤ ᠬᠡᠷᠡᠭᠲᠡᠢ᠂ ᠭᠤᠣᠯᠳᠠᠯᠭ᠎ᠠ ᠲᠠᠢ ᠭᠦᠢᠴᠡᠳᠬᠡᠬᠦ ᠲᠤᠭ᠎ᠠ ᠶᠢ ᠴᠢᠩᠭ᠎ᠠ ᠠᠩᠬᠠᠷᠴᠤ᠂ ᠲᠣᠬᠢᠷᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠮᠠᠨ ᠤ ᠰᠢᠶᠠᠨ ᠤ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠲᠦᠷᠦᠯ ᠵᠦᠢᠯ ᠤᠨ ᠲᠥᠯᠦᠪᠵᠢᠭᠦᠯᠭᠡ ᠶᠢᠨ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠨᠢᠭᠡ ᠪᠦᠯᠦᠭ ᠰᠢᠯᠢᠳᠡᠭ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠨᠥᠭᠡᠴᠡᠯᠡᠵᠦ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ᠂ 2024 ᠣᠨ ᠤ ᠠᠵᠢᠯ ᠢᠶᠠᠨ ᠰᠠᠶᠢᠨ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠮᠠᠨ ᠤ ᠰᠢᠶᠠᠨ ᠤ ᠰᠢᠨ᠎ᠡ ᠣᠨ ᠢᠶᠠᠨ ᠤᠭᠲᠤᠬᠤ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠶᠢ ᠪᠡᠯᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠣᠨ ᠢᠶᠠᠨ ᠤᠭᠲᠤᠬᠤ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠶᠢ ᠴᠢᠨᠠᠷ ᠰᠠᠶᠢᠲᠠᠢ ᠡᠷᠬᠢᠯᠡᠬᠦ ᠪᠣᠯ ᠮᠠᠨ ᠤ ᠰᠢᠶᠠᠨ ᠤ ᠤᠯᠠᠨ ᠡᠰᠢᠲᠦ ᠰᠣᠶᠣᠯ ᠤᠨ ᠷᠢᠳᠢ ᠰᠢᠳᠢ ᠶᠢ ᠢᠯᠡᠷᠡᠭᠦᠯᠬᠦ᠂ ᠮᠠᠨ ᠤ ᠰᠢᠶᠠᠨ ᠤ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠂ ᠬᠤᠳᠠ ᠶᠢᠨ ᠨᠥᠯᠥᠭᠡᠯᠡᠬᠦ ᠬᠦᠴᠦᠨ ᠤ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠬᠡᠷᠡᠭᠲᠡᠢ᠃ ᠫᠷᠣᠭ᠍ᠷᠠᠮ ᠤᠨ ᠲᠥᠰᠥᠪᠯᠡᠯ ᠤᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠲᠠᠲᠠᠬᠤ ᠬᠦᠴᠦᠨ ᠬᠠᠷᠢᠯᠴᠠᠨ ᠦᠢᠯᠡᠳᠦᠯᠴᠡᠬᠦ ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠨᠡᠩ ᠣᠶᠢᠷᠠᠲᠤᠭᠤᠯᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠴᠢᠨ ᠠᠬᠤᠢ ᠶᠢ ᠪᠣᠶ ᠪᠣᠯᠭᠠᠬᠤ ᠶᠢ ᠴᠢᠩᠭᠠᠳᠬᠠᠵᠤ᠂ ᠤᠷᠢᠳᠴᠢᠯᠠᠨ ᠪᠡᠯᠡᠳᠬᠡᠵᠦ᠂ ᠨᠠᠩ ᠣᠯᠠᠨ ᠰᠠᠭᠤᠭᠠᠯᠢ ᠠᠷᠠᠳ ᠵᠤᠭᠠᠴᠠᠭᠰᠠᠳ ᠢ ᠲᠡᠳᠡᠨ ᠣᠷᠣᠯᠴᠠᠭᠤᠯᠬᠤ ᠬᠡᠷᠡᠭᠲᠡᠢ︔ ᠡᠯ᠎ᠡ ᠲᠦᠷᠦᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠠᠳᠠᠯᠢ ᠪᠤᠰᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠡᠭᠦᠨ ᠤ ᠤᠯᠠᠮ ᠢᠶᠠᠷ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ ᠵᠡᠷᠭᠡ ᠠᠵᠢᠯ ᠲᠦᠷᠦᠯ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ︔ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠠᠩᠬᠠᠷᠴᠤ᠂ ᠦᠨᠡᠨᠬᠦ ᠶᠠᠪᠤᠭᠳᠠᠭᠤᠰᠢᠲᠠᠢ ᠬᠡᠷᠡᠭᠵᠢᠭᠦᠯᠬᠦ ᠲᠥᠰᠥᠯ ᠪᠣᠯᠣᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠭᠠᠯ ᠤᠨᠲᠠᠷᠠᠭᠠᠬᠤ᠂ ᠡᠮᠬᠢ ᠳᠢᠭᠯᠢᠮ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠡᠯ᠎ᠡ ᠵᠦᠢᠯ ᠤᠨ ᠠᠵᠢᠯ ᠤᠨ ᠨᠠᠷᠢᠨ ᠵᠦᠢᠯᠡᠰ ᠢ ᠵᠤᠷᠪᠤᠰ ᠳᠠᠷᠠᠭᠠᠯᠠᠨ ᠡᠮᠬᠢᠯᠡᠵᠦ᠂ ᠴᠤᠪᠤᠷᠠᠯ ᠢ ᠵᠣᠯᠭᠠᠭᠤᠯᠬᠤ᠂ ᠭᠤᠭᠴᠤᠭ᠎ᠠ ᠶᠢ ᠪᠠᠶᠢᠷᠢᠯᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠭᠦᠢᠴᠡᠳ ᠪᠡᠯᠡᠳᠬᠡᠯ ᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ᠂ ᠪᠣᠳᠠᠲᠠᠢ᠂ ᠨᠠᠷᠢᠨ ᠨᠠᠶᠢᠳᠠᠪᠤᠷᠢᠵᠢᠭᠤᠯᠵᠤ᠂ ᠪᠠᠶᠠᠷ ᠬᠥᠷ ᠲᠠᠢ᠂ ᠪᠣᠯᠪᠠᠰᠤᠨ ᠨᠠᠶᠢᠷᠠᠮᠳᠠᠭᠤ᠂ ᠠᠮᠤᠷ ᠲᠦᠪᠰᠢᠨ ᠡᠮᠬᠢ ᠵᠢᠷᠤᠮ ᠲᠠᠢ ᠪᠠᠶᠠᠷ ᠤᠨ ᠡᠳᠦᠷ ᠤᠨ ᠣᠷᠴᠢᠨ ᠠᠬᠤᠢ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃      ᠬᠤᠷᠠᠯ ᠠᠴᠠ᠂ ᠵᠢᠯ ᠤᠨ ᠡᠴᠦᠰ ᠤᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠬᠤ᠂ ᠬᠥᠯᠥᠰᠦ ᠶᠠᠪᠤᠭᠴᠢ ᠮᠠᠯᠴᠢᠨ ᠲᠠᠷᠢᠶᠠᠴᠢᠨ ᠳᠤ ᠥᠷᠢᠲᠦᠭᠰᠡᠨ ᠴᠠᠯᠢᠩ ᠢ ᠲᠥᠯᠥᠬᠦ ᠵᠡᠷᠭᠡ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号