ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 119 ᠳ᠋ᠦ᠋ᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ 2023 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 13  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 119 ᠳ᠋ᠦ᠋ᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ 2023 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠨᠠᠮ ᠤᠨ ᠭᠡᠰᠢᠭᠦᠨ ᠤ ᠬᠥᠮᠦᠵᠢᠯ ᠪᠣᠯᠣᠨ ᠴᠢᠳᠠᠪᠤᠷᠢᠲᠠᠨ ᠤ ᠲᠥᠪ ᠤᠨ ᠳᠡᠳ᠋ ᠡᠷᠬᠢᠯᠡᠭᠴᠢ ᠸᠧᠢ ᠶᠠᠨ ᠹᠥ᠋ᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠬᠥᠬᠡ ᠡᠷᠭᠢ ᠪᠠᠯᠭᠠᠰᠤ᠂ ᠬᠠᠷᠠᠭᠤᠯ ᠪᠠᠯᠭᠠᠰᠤ᠂ ᠪᠠᠷᠠᠭᠤᠨ ᠤᠯᠠᠭᠠᠨᠪᠤᠯᠠᠭ ᠪᠠᠯᠭᠠᠰᠤ ᠵᠡᠷᠭᠡ ᠪᠦᠬᠦ ᠰᠢᠶᠠᠨ ᠤ 9 ᠰᠢᠶᠠᠩ ᠪᠠᠯᠭᠠᠰᠤ ᠵᠢᠴᠢ ᠰᠢᠶᠠᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠶᠢᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠵᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠭᠤᠭᠴᠤᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠵᠠᠳᠠᠯᠤᠨ ᠰᠢᠨᠵᠢᠯᠡᠵᠦ᠂ ᠡᠭᠦᠨ ᠤ ᠬᠠᠮᠲᠤ ᠪᠠᠰᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠ ᠰᠡᠳᠬᠢᠮᠵᠢ ᠶᠢ ᠬᠠᠨᠳᠤᠯᠭᠠᠲᠤ ᠴᠢᠨᠠᠷᠲᠠᠢ ᠪᠠᠷ ᠳᠤᠷᠠᠳᠤᠨ ᠭᠠᠷᠭᠠᠵᠤ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠵᠦ᠂ ᠶᠠᠩ ᠰᠢᠩ ᠱᠧᠩ ᠠᠵᠢᠯ ᠤᠨ ᠪᠠᠶᠢᠳᠠᠯ ᠪᠠ ᠠᠵᠢᠯ ᠤᠨ ᠪᠣᠳᠠᠲᠤ ᠪᠦᠲᠦᠮᠵᠢ ᠶᠢ ᠦᠨᠳᠦᠰᠦᠯᠡᠨ ︽ᠨᠢᠭᠡ ᠮᠡᠳᠡᠭᠦᠯᠦᠯᠲᠡ ᠨᠢᠭᠡ ᠦᠨᠡᠯᠡᠯᠲᠡ︾ ᠶᠢᠨ ᠠᠷᠭ᠎ᠠ ᠮᠠᠶ᠋ᠢᠭ ᠢᠶᠠᠷ ᠨᠢᠭᠡᠳ ᠨᠢᠭᠡ ᠪᠠᠷ ᠦᠨᠡᠯᠡᠵᠦ᠂ ᠠᠵᠢᠯ ᠤᠨ ᠠᠮᠵᠢᠯᠲᠠ ᠶᠢ ᠨᠤᠲᠠᠯᠠᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠶᠠᠩ ᠰᠢᠩ ᠱᠧᠩ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠨᠦᠬᠦᠴᠡᠯ ᠲᠤᠷᠠᠳᠬᠤ ᠦᠭᠡᠢ᠂ ᠳᠤᠲᠠᠭᠤ ᠲᠤᠷᠭᠤᠨ ᠬᠡᠷᠡᠭᠵᠢᠭᠦᠯᠬᠦ ᠦᠭᠡᠢ᠂ ᠥᠭᠡᠷᠡᠲᠦᠭᠦᠯᠬᠦ ᠥᠬᠡᠶ ᠪᠠᠷ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠯᠢ ᠤᠯᠠᠨ ᠲᠣᠭᠲᠠᠭᠰᠠᠨ ᠬᠥᠳᠡᠯᠭᠡᠭᠡᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠬᠦᠨ ᠢ ᠪᠦᠷᠬᠦᠭᠦᠯᠬᠦ ᠶᠢ ᠠᠬᠢᠭᠤᠯᠬᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠬᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠵᠡᠷᠭᠡ ᠠᠵᠢᠯ ᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠶᠠᠨ ᠤ ᠱᠠᠲᠤᠨ ᠤ ᠤᠳᠤᠷᠢᠳᠬᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠠᠳᠬᠤᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠨᠢᠭᠡ ᠱᠠᠲᠤ ᠨᠢ ᠨᠢᠭᠡ ᠱᠠᠲᠤ ᠪᠠᠨ ᠳᠠᠶᠢᠴᠢᠯᠠᠬᠤ ᠵᠢᠱᠢᠶ᠎ᠡ ᠦᠵᠡᠭᠦᠯᠬᠦ ᠦᠢᠯᠡᠳᠦᠯ ᠢ ᠪᠤᠢ ᠪᠣᠯᠭᠠᠬᠤ ᠬᠡᠷᠡᠭᠲᠡᠢ᠃ ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠴᠢᠩᠭ᠎ᠠ︾ ᠪᠠ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠶᠠᠪᠤᠴᠠ᠂ ᠡᠯ᠎ᠡ ᠵᠠᠩᠭᠢᠯᠠᠭ᠎ᠠ ᠳᠤ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠡᠷᠡᠰ ᠲᠡᠪᠴᠢᠵᠦ᠂ ᠡᠯ᠎ᠡ ᠵᠦᠢᠯ ᠤᠨ ᠠᠵᠢᠯ ᠢ ᠦᠨᠡᠨ ᠪᠣᠳᠠᠲᠠᠢ ᠪᠠᠷ ᠰᠠᠶᠢᠲᠤᠷ ᠠᠳᠬᠤᠬᠤ ᠬᠡᠷᠡᠭᠲᠡᠢ᠃ ᠠᠷᠭ᠎ᠠ ᠶᠢᠨ ᠰᠢᠨ᠎ᠡ ᠶᠢ ᠡᠭᠦᠳᠴᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠲᠠᠰᠤᠷᠠᠯᠳᠡ ᠦᠭᠡᠢ ᠳ᠋ᠦᠩᠨᠡᠨ ᠳᠡᠭᠡᠭᠰᠢᠯᠡᠭᠦᠯᠵᠦ᠂ ᠤᠬᠠᠭᠤᠯᠤᠨ ᠳᠡᠯᠭᠡᠷᠡᠭᠦᠯᠵᠦ᠂ ᠴᠡᠭ ᠢᠶᠠᠷ ᠨᠡᠶᠢᠳᠡᠮ ᠢ ᠲᠠᠶᠢᠴᠢᠯᠠᠨ ᠪᠦᠬᠦ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号