ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯᠳᠤᠭᠠᠨ ᠠᠴᠠ ︽ᠲᠦᠷᠪᠡᠨ ᠵᠦᠢᠯ ᠤᠨ ᠠᠵᠤ ᠠᠬᠤᠢ︾ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠢ ᠰᠤᠳᠤᠯᠪᠠ︔ ᠮᠠᠨ ᠤ ᠰᠢᠶᠠᠨ ᠤ 1-11 ᠰᠠᠷ᠎ᠠ ᠵᠢᠴᠢ ᠪᠥᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠵᠥᠪᠯᠡᠭᠰᠡᠨ ᠪᠥᠭᠡᠳ 2024 ᠣᠨ ᠤ ᠨᠢᠭᠡᠳᠦᠭᠡᠷ ᠤᠯᠠᠷᠢᠯ ᠤᠨ ᠡᠬᠢᠯᠡᠯᠲᠡ ᠶᠢᠨ ᠡᠯ᠎ᠡ ᠵᠦᠢᠯ ᠤᠨ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃      ᠬᠤᠷᠠᠯ ᠠᠴᠠ᠂ ᠣᠳᠣᠬᠠᠨ ᠳᠤ ᠪᠣᠯ ᠪᠦᠬᠦ ᠵᠢᠯ ᠤᠨ ᠠᠵᠤ ᠠᠬᠤᠢ ᠶᠢᠨ ᠠᠵᠢᠯ ᠤᠨ ᠬᠠᠮᠤᠭ ᠤᠨ ᠵᠠᠩᠭᠢᠯᠠᠭ᠎ᠠ ᠶᠢᠨ ᠱᠠᠲᠤ ᠦᠶ᠎ᠡ ᠪᠣᠯᠣᠨ᠎ᠠ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠢᠯ ᠤᠨ ᠡᠬᠢᠨ ᠤ ᠲᠣᠭᠲᠠᠭᠰᠠᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠣᠷᠣᠨ ᠬᠤᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠬᠠᠮᠰᠠᠷ ᠠᠴᠠ ᠪᠠᠨ ᠤᠶᠠᠯᠳᠤᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠥᠯᠥᠪᠯᠡᠬᠦ ᠳᠤᠮᠳᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠳᠤ ᠵᠠᠳᠠᠯᠤᠯᠲᠠ ᠬᠢᠬᠦ ᠪᠠ ᠭᠦᠢᠴᠡᠳᠬᠡᠯ ᠲᠤᠭ᠎ᠠ ᠶᠢ ᠲᠣᠬᠢᠷᠠᠭᠤᠯᠬᠤ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢ ᠮᠥᠷᠳᠡᠨ ᠬᠢᠨᠠᠨ ᠬᠡᠮᠵᠢᠬᠦ ᠶᠢ ᠴᠢᠩᠭᠠᠳᠬᠠᠵᠤ᠂ ᠨᠢᠭᠡᠳ ᠨᠢᠭᠡ ᠪᠠᠷ ᠵᠠᠳᠠᠯᠤᠨ ᠰᠢᠨᠵᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ ᠰᠢᠪᠲᠤᠯᠤᠯᠲᠠ ᠭᠠᠷᠭᠠᠵᠤ᠂ ᠪᠦᠬᠦ ᠬᠦᠴᠦᠨ ᠢᠶᠠᠷ ᠢᠶᠠᠨ ᠳᠠᠯᠳᠠ ᠬᠦᠴᠦᠨ ᠢ ᠠᠭᠤᠳᠠᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠥᠷᠭᠡᠳᠬᠡᠵᠦ᠂ ᠨᠡᠮᠡᠭᠳᠡᠯ ᠤᠨ ᠬᠡᠮᠵᠢᠶ᠎ᠡ ᠶᠢ ᠡᠷᠢᠵᠦ᠂ ᠪᠦᠬᠦ ᠵᠢᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠵᠦᠢᠯ ᠳᠠᠷᠠᠭᠠᠯᠠᠨ ᠲᠣᠬᠢᠷᠠᠭᠤᠯᠵᠤ᠂ 2023 ᠣᠨ ᠤ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠭᠤᠮᠲᠠ ᠰᠢᠪᠲᠤᠯᠤᠨ ᠠᠬᠢᠭᠤᠯᠵᠤ᠂ 2024 ᠣᠨ ᠤ ᠭᠤᠣᠯᠳᠠᠯᠭ᠎ᠠ ᠲᠠᠢ ᠳᠦᠷᠦᠯ ᠵᠦᠢᠯ ᠪᠣᠯᠣᠨ ᠪᠦᠬᠦ ᠵᠢᠯ ᠤᠨ ᠪᠡᠯᠭᠡ ᠲᠡᠮᠳᠡᠭ ᠤᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠤᠨᠢᠨ ᠳᠡᠭᠡᠷ᠎ᠡ ᠨᠢ ᠲᠥᠯᠥᠪᠵᠢᠭᠦᠯᠵᠦ᠂ ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠠᠵᠢᠯ ᠡᠬᠢᠯᠡᠭᠦᠯᠬᠦ ᠪᠠᠷ ᠪᠠᠶᠢᠭ᠎ᠠ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠨᠠᠷᠢᠯᠢᠭ ᠭᠦᠨᠵᠡᠭᠡᠢ ᠬᠢᠵᠦ᠂ ᠲᠤᠯᠭᠠᠭᠤᠷᠢᠯᠠᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠤᠰᠤᠨ ᠴᠠᠬᠢᠯᠭᠠᠨ ᠢ ᠲᠣᠭᠲᠠᠪᠤᠷᠢᠵᠢᠭᠤᠯᠵᠤ᠂ ᠦᠢᠯᠡᠳᠪᠦᠷᠢ ᠶᠢ ᠲᠡᠮᠡᠴᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠳᠠᠯ ᠢ ᠣᠶᠢᠯᠠᠭᠠᠨ ᠰᠡᠳᠬᠢᠴᠡ ᠪᠠᠨ ᠲᠣᠳᠣᠷᠬᠠᠶᠢᠯᠠᠵᠤ᠂ ᠪᠠᠶᠢᠭᠤᠯᠵᠤ ᠪᠠᠶᠢᠭ᠎ᠠ ᠠᠵᠤ ᠦᠢᠯᠡᠰ ᠤᠨ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠵᠣᠯᠭᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠵᠡᠷᠭᠡᠪᠡᠷ ᠤᠷᠤᠭᠰᠢᠯᠠᠵᠤ᠂ ᠬᠠᠮᠵᠢᠯᠴᠠᠨ ᠬᠦᠴᠦᠯᠡᠬᠦ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠮᠥᠰᠥ᠂ ᠨᠣᠶᠢᠯ ᠪᠤᠭᠤᠳᠠᠢ᠂ ᠨᠣᠬᠠᠢ ᠶᠢᠨ ᠬᠤᠰᠢᠭᠤ ᠵᠡᠷᠭᠡ ᠠᠵᠤ ᠦᠢᠯᠡᠰ ᠢ ᠲᠣᠭᠲᠠᠭᠤᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ 2024 ᠣᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠢ ᠬᠥᠭᠵᠢᠭᠡᠬᠦ ᠬᠡᠷᠡᠭᠲᠡᠢ᠃ ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠡᠯ᠎ᠡ ᠵᠦᠢᠯ ᠤᠨ ᠬᠢᠨᠠᠨ ᠰᠢᠯᠭᠠᠯᠲᠠ ᠶᠢᠨ ᠳᠤᠮᠳᠠ ᠬᠢᠯᠠᠰ ᠴᠡᠭ ᠪᠠ ᠠᠮᠵᠢᠯᠲᠠ ᠪᠦᠲᠦᠮᠵᠢ ᠶᠢ ᠢᠯᠡᠭᠦᠬᠡᠨ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠢᠷᠡᠬᠦ ᠵᠢᠯ ᠤᠨ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠠᠵᠢᠯᠯᠠᠭ᠎ᠠ ᠶᠢ ᠤᠷᠢᠳᠴᠢᠯᠠᠨ ᠲᠥᠯᠥᠪᠵᠢᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠢᠷᠡᠬᠦ ᠵᠢᠯ ᠤᠨ ᠡᠬᠢᠯᠡᠯᠲᠡ ᠶᠢᠨ ᠰᠢᠪᠲᠤᠯᠤᠯᠲᠠ᠂ ᠲᠦᠷᠭᠡᠨ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号